ᠮᠣᠩᠭ᠋ᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠶᠡᠷᠦᠩᠬᠡᠢᠢᠯᠡᠭᠴᠢ ᠫᠧᠲ᠋ᠷ ᠫᠠᠸᠧᠯ ᠤᠨ ᠤᠷᠢᠯᠭ᠎ᠠ ᠪᠠᠷ 2025 ᠣᠨ ᠤ 03 ᠳᠤᠭᠠᠷ ᠰᠠᠷ ᠠ ᠢᠢᠨ 09-12 ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃
ᠡᠨᠡᠬᠦ ᠲᠥᠷᠦ ᠢᠢᠨ ᠠᠢᠢᠯᠴᠢᠯᠠᠯ ᠨᠢ ᠮᠣᠩᠭ᠋ᠤᠯ ᠤᠯᠤᠰ᠂ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠬᠣᠭᠤᠷᠤᠨᠳᠤ ᠳ᠋ᠢᠫᠯᠣᠮᠠᠲ᠋ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠣᠢ ᠢᠢᠨ ᠬᠦᠷᠢᠶᠡᠨ ᠳᠥ ᠪᠣᠯᠬᠤ ᠪᠥᠭᠡᠳ ᠮᠣᠩᠭ᠋ᠤᠯ ᠤᠯᠤᠰ ᠤᠨ ᠲᠥᠷᠦ ᠢᠢᠨ ᠲᠡᠷᠢᠭᠦᠨ ᠦ ᠲᠦᠪᠰᠢᠨ ᠳᠥ ᠪᠦᠭᠦᠳᠡ ᠨᠠᠢᠢᠷᠠᠮᠳᠠᠬᠤ ᠴᠧᠬᠣ᠋ ᠤᠯᠤᠰ ᠲᠤ 10 ᠵᠢᠯ ᠦᠨ ᠳᠠᠷᠠᠭ᠎ᠠ ᠬᠡᠷᠡᠭᠵᠢᠭᠦᠯᠵᠦ ᠪᠤᠢ ᠠᠢᠢᠯᠴᠢᠯᠠᠯ ᠶᠤᠮ᠃
ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠭᠠᠭᠴᠠᠭᠠᠷᠴᠢᠯᠠᠭᠰᠠᠨ ᠠᠭᠤᠯᠵᠠᠯᠲᠠ᠂ ᠠᠯᠪᠠᠨ ᠶᠣᠰᠤᠨ ᠤ ᠬᠡᠯᠡᠯᠴᠡᠭᠡ ᠬᠢᠵᠦ᠂ ᠬᠡᠪᠯᠡᠯ ᠳᠥ ᠮᠡᠳᠡᠭᠡᠯᠡᠯ ᠥᠭ᠍ᠭᠦᠨ᠎ᠡ᠃
ᠮᠣᠩᠭ᠋ᠤᠯ ᠤᠯᠤᠰ ᠤᠨ ᠶᠡᠷᠦᠩᠬᠡᠢᠢᠯᠡᠭᠴᠢ ᠤ᠂ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠰᠧᠨᠠᠲ᠋ ᠤᠨ ᠲᠠᠩᠬᠢᠮ ᠤᠨ ᠳᠠᠷᠤᠭ᠎ᠠ᠂ ᠲᠥᠯᠦᠭᠡᠯᠡᠭᠴᠢᠳ ᠦᠨ ᠲᠠᠩᠬᠢᠮ ᠤᠨ ᠳᠠᠷᠤᠭ᠎ᠠ ᠪᠣᠯᠤᠨ ᠶᠡᠷᠦᠩᠬᠡᠢ ᠰᠠᠢᠢᠳ ᠨᠠᠷ ᠲᠤᠰ ᠲᠤᠰ ᠪᠠᠷᠠᠭᠠᠯᠬᠠᠨ᠎ᠠ᠃
ᠮᠥᠨ ᠬᠣᠶᠠᠷ ᠣᠷᠤᠨ ᠤ ᠤᠯᠠᠮᠵᠢᠯᠠᠯᠲᠤ᠂ ᠨᠠᠢᠢᠷᠰᠠᠭ ᠬᠠᠷᠢᠯᠴᠠᠭᠠᠨ ᠤ ᠲᠦᠪᠰᠢᠨ ᠢ ᠠᠬᠢᠭᠤᠯᠵᠤ᠂ ᠪᠣᠯᠪᠠᠰᠤᠷᠠᠯ᠂ ᠪᠠᠢᠢᠭᠠᠯᠢ ᠣᠷᠴᠢᠨ᠂ ᠬᠥᠳᠡᠭᠡ ᠠᠵᠤ ᠠᠬᠤᠢ᠂ ᠰᠫᠣᠷᠲ᠋᠂ ᠬᠠᠤᠯᠢ ᠡᠷᠬᠡ ᠵᠦᠢ ᠵᠡᠷᠭᠡ ᠴᠢᠭᠯᠡᠯ ᠢᠢᠡᠷ ᠵᠠᠰᠠᠭ ᠤᠨ ᠭᠠᠵᠠᠷ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠲᠠᠯ ᠠ ᠨᠤᠭᠤᠳ ᠭᠠᠷ ᠤᠨ ᠦᠰᠦᠭ ᠵᠢᠷᠤᠬᠤ ᠪᠠᠷ ᠲᠥᠯᠦᠪᠯᠡᠵᠦ ᠪᠠᠢᠢᠨ᠎ᠠ᠃
ᠠᠢᠢᠯᠴᠢᠯᠠᠯ ᠤᠨ ᠬᠦᠷᠢᠶᠡᠨ ᠳᠥ ᠮᠣᠩᠭ᠋ᠤᠯ ᠤᠯᠤᠰ᠂ ᠪᠦᠭᠦᠳᠡ ᠨᠠᠢᠢᠷᠠᠮᠳᠠᠬᠤ ᠴᠧᠬᠣ᠋ ᠤᠯᠤᠰ ᠬᠣᠭᠤᠷᠤᠨᠳᠤ ᠳ᠋ᠢᠫᠯᠣᠮᠠᠲ᠋ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠲᠡᠮᠳᠡᠭᠯᠡᠯᠲᠦ ᠣᠢ ᠢᠢ ᠲᠣᠬᠢᠶᠠᠯᠳᠤᠭᠤᠯᠤᠨ ᠫᠷᠠᠾᠠ ᠬᠣᠲᠠᠨ᠎ᠠ ᠮᠣᠷᠢᠨ ᠬᠤᠭᠤᠷ ᠨᠠᠢᠢᠷᠠᠯ ᠬᠥᠭ᠍ᠵᠢᠮ ᠦᠨ ᠲᠣᠭᠯᠠᠯᠲᠠ᠂ ᠪᠢᠽᠢᠨᠧᠰ ᠹᠣᠷᠦ᠋ᠮ ᠢ ᠲᠤᠰ ᠲᠤᠰ ᠵᠣᠬᠢᠶᠠᠨ ᠪᠠᠢᠢᠭᠤᠯᠤᠨ᠎ᠠ᠃
ᠮᠥᠨ ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠤᠨ ᠢᠪᠡᠭᠡᠯ ᠳᠣᠣᠷ ᠠ ᠴᠧᠬᠣ᠋ ᠢᠢᠨ ᠦᠨᠳᠦᠰᠦᠨ ᠦ ᠮᠦᠽᠧᠢ ᠳᠥ ᠳᠡᠯᠭᠡᠭ᠍ᠳᠡᠬᠦ 《ᠴᠢᠩᠭᠢᠰ ᠬᠠᠭᠠᠨ》 ᠣᠯᠠᠨ ᠤᠯᠤᠰ ᠤᠨ ᠦᠵᠡᠰᠬᠦᠯᠡᠩ ᠢ ᠨᠡᠭᠡᠭᠡᠨ᠎ᠡ᠃