ᠮᠣᠩᠭ᠋ᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠶᠡᠷᠦᠩᠬᠡᠢᠢᠯᠡᠭᠴᠢ ᠫᠧᠲ᠋ᠷ ᠫᠠᠸᠧᠯ ᠤᠨ ᠤᠷᠢᠯᠭ᠎ᠠ ᠪᠠᠷ 2025 ᠣᠨ ᠤ 03 ᠳᠤᠭᠠᠷ ᠰᠠᠷ ᠠ ᠢᠢᠨ 09-12 ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠡᠬᠡ ᠣᠷᠤᠨ ᠠᠴᠠ ᠪᠠᠨ ᠮᠣᠷᠳᠠᠯ᠎ᠠ ᠃
ᠡᠨᠡ ᠲᠥᠷᠦ ᠢᠢᠨ ᠠᠢᠢᠯᠴᠢᠯᠠᠯ ᠨᠢ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ᠋ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠣᠢ ᠢᠢᠨ ᠬᠦᠷᠢᠶᠡᠨ ᠳᠥ᠂ ᠮᠣᠩᠭ᠋ᠤᠯ ᠤᠯᠤᠰ ᠤᠨ ᠲᠥᠷᠦ ᠢᠢᠨ ᠲᠡᠷᠢᠭᠦᠨ ᠦ ᠲᠦᠪᠰᠢᠨ ᠳᠥ ᠪᠦᠭᠦᠳᠡ ᠨᠠᠢᠢᠷᠠᠮᠳᠠᠬᠤ ᠴᠧᠬᠣ᠋ ᠤᠯᠤᠰ ᠲᠤ 10 ᠵᠢᠯ ᠦᠨ ᠳᠠᠷᠠᠭ᠎ᠠ ᠪᠣᠯᠵᠤ ᠪᠠᠢᠢᠭ᠎ᠠ ᠶᠤᠮ᠃
ᠠᠢᠢᠯᠴᠢᠯᠠᠯ ᠤᠨ ᠦᠶ ᠡ ᠪᠡᠷ ᠬᠣᠶᠠᠷ ᠤᠯᠤᠰ ᠤᠨ ᠲᠥᠷᠦ ᠢᠢᠨ ᠲᠡᠷᠢᠭᠦᠨ ᠭᠠᠭᠴᠠᠭᠠᠷᠴᠢᠯᠠᠭᠰᠠᠨ ᠠᠭᠤᠯᠵᠠᠯᠲᠠ᠂ ᠠᠯᠪᠠᠨ ᠶᠣᠰᠤᠨ ᠤ ᠬᠡᠯᠡᠯᠴᠡᠭᠡ ᠬᠢᠵᠦ᠂ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠮᠡᠳᠡᠭᠡᠯᠡᠯ ᠥᠭ᠍ᠭᠦᠨ᠎ᠡ᠃
ᠶᠡᠷᠦᠩᠬᠡᠢᠢᠯᠡᠭᠴᠢ ᠤ᠂ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠰᠧᠨᠠᠲ᠋ ᠤᠨ ᠲᠠᠩᠬᠢᠮ ᠪᠣᠯᠤᠨ ᠲᠥᠯᠦᠭᠡᠯᠡᠭᠴᠢᠳ ᠦᠨ ᠲᠠᠩᠬᠢᠮ ᠤᠨ ᠳᠠᠷᠤᠭ᠎ᠠ᠂ ᠶᠡᠷᠦᠩᠬᠡᠢ ᠰᠠᠢᠢᠳ ᠨᠠᠷ ᠪᠠᠷᠠᠭᠠᠯᠬᠠᠨ᠎ᠠ᠃
ᠲᠠᠯ ᠠ ᠨᠤᠭᠤᠳ ᠤᠯᠠᠮᠵᠢᠯᠠᠯᠲᠤ᠂ ᠨᠠᠢᠢᠷᠰᠠᠭ ᠬᠠᠷᠢᠯᠴᠠᠭᠠᠨ ᠤ ᠲᠦᠪᠰᠢᠨ ᠢ ᠠᠬᠢᠭᠤᠯᠵᠤ᠂ ᠪᠣᠯᠪᠠᠰᠤᠷᠠᠯ᠂ ᠪᠠᠢᠢᠭᠠᠯᠢ ᠣᠷᠴᠢᠨ᠂ ᠬᠥᠳᠡᠭᠡ ᠠᠵᠤ ᠠᠬᠤᠢ᠂ ᠰᠫᠣᠷᠲ᠋᠂ ᠬᠠᠤᠯᠢ ᠡᠷᠬᠡ ᠵᠦᠢ ᠵᠡᠷᠭᠡ ᠴᠢᠭᠯᠡᠯ ᠢᠢᠡᠷ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠬᠤ ᠪᠠᠷ ᠲᠥᠯᠦᠪᠯᠡᠵᠦ ᠪᠠᠢᠢᠨ᠎ᠠ᠃
ᠳ᠋ᠢᠫᠯᠣᠮᠠᠲ᠋ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠣᠢ ᠢᠢ ᠲᠣᠬᠢᠶᠠᠯᠳᠤᠭᠤᠯᠤᠨ ᠫᠷᠠᠾᠠ ᠬᠣᠲᠠᠨ᠎ᠠ ᠮᠣᠷᠢᠨ ᠬᠤᠭᠤᠷ ᠨᠠᠢᠢᠷᠠᠯ ᠬᠥᠭ᠍ᠵᠢᠮ ᠲᠣᠭᠯᠠᠯᠲᠠ ᠪᠠᠨ ᠰᠣᠨᠢᠷᠬᠠᠭᠤᠯᠵᠤ᠂ ᠪᠢᠽᠢᠨᠧᠰ ᠹᠣᠷᠦ᠋ᠮ ᠵᠣᠬᠢᠶᠠᠨ ᠪᠠᠢᠢᠭᠤᠯᠬᠤ ᠶᠤᠮ᠃
ᠮᠥᠨ ᠬᠣᠶᠠᠷ ᠤᠯᠤᠰ ᠤᠨ ᠲᠥᠷᠦ ᠢᠢᠨ ᠲᠡᠷᠢᠭᠦᠨ ᠦ ᠢᠪᠡᠭᠡᠯ ᠳᠣᠣᠷ ᠠ ᠴᠧᠬᠣ᠋ ᠢᠢᠨ ᠦᠨᠳᠦᠰᠦᠨ ᠦ ᠮᠦᠽᠧᠢ ᠳᠥ《ᠴᠢᠩᠭᠢᠰ ᠬᠠᠭᠠᠨ》 ᠣᠯᠠᠨ ᠤᠯᠤᠰ ᠤᠨ ᠦᠵᠡᠰᠬᠦᠯᠡᠩ ᠢ ᠨᠡᠭᠡᠭᠡᠵᠦ᠂ ᠨᠡᠢᠢᠲᠡ ᠳᠥ ᠲᠣᠯᠢᠯᠠᠭᠤᠯᠤᠨ᠎ᠠ᠃ ᠮᠣᠩᠭ᠋ᠤᠯ ᠤᠨ ᠲᠠᠯ ᠠ ᠠᠴᠠ 1999 ᠣᠨ ᠳᠤ ᠶᠡᠷᠦᠩᠬᠡᠢᠢᠯᠡᠭᠴᠢ ᠨᠠ᠊᠂ ᠪᠠᠭᠠᠪᠠᠨᠳᠢ᠂ 2015 ᠣᠨ ᠳᠤ ᠶᠡᠷᠦᠩᠬᠡᠢᠢᠯᠡᠭᠴᠢ ᠴᠠ᠊᠂ ᠡᠯᠪᠡᠭ᠍ᠳᠣᠷᠵᠢ᠂ ᠴᠧᠬᠣ᠋ ᠢᠢᠨ ᠲᠠᠯ ᠠ ᠠᠴᠠ 2006 ᠣᠨ ᠳᠤ ᠶᠡᠷᠦᠩᠬᠡᠢᠢᠯᠡᠭᠴᠢ ᠸᠠᠼᠯᠠᠸ ᠻᠯᠠ᠊ᠦ᠋ᠰ᠂ 2016 ᠣᠨ ᠳᠤ ᠶᠡᠷᠦᠩᠬᠡᠢᠢᠯᠡᠭᠴᠢ ᠮᠢᠯᠣᠱ ᠽᠧᠮᠠᠨ /ᠠᠰᠧᠮ/ ᠬᠠᠷᠢᠯᠴᠠᠨ ᠠᠢᠢᠯᠴᠢᠯᠠᠵᠤ ᠪᠠᠢᠢᠵᠡᠢ᠃