ᠪᠦᠭᠦᠳᠡ ᠨᠠᠢᠢᠷᠠᠮᠳᠠᠬᠤ ᠴᠧᠬᠣ᠋ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠤᠢ ᠮᠣᠩᠭ᠋ᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠰᠧᠨᠠᠲ᠋ ᠤᠨ ᠲᠠᠩᠬᠢᠮ ᠤᠨ ᠳᠠᠷᠤᠭ᠎ᠠ ᠮᠢᠯᠣᠱ ᠸᠢᠢᠰᠲ᠋ᠷᠴᠢᠯ ᠪᠠᠷᠠᠭᠠᠯᠬᠠᠯ ᠠ᠃
ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ ᠵᠡᠷᠭᠡ ᠨᠡᠢᠢᠲᠡᠯᠢᠭ ᠦᠨᠡᠲᠦ ᠵᠦᠢᠯ ᠲᠡᠢ ᠮᠣᠩᠭ᠋ᠤᠯ᠂ ᠴᠧᠬᠣ᠋ ᠤᠯᠤᠰ ᠲᠤ ᠬᠠᠤᠯᠢ ᠲᠣᠭᠲᠠᠭᠠᠬᠤ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠴᠢᠬᠤᠯᠠ ᠠᠴᠢ ᠬᠣᠯᠪᠤᠭᠳᠠᠯ ᠲᠠᠢ ᠢᠢ ᠶᠡᠷᠦᠩᠬᠡᠢᠢᠯᠡᠭᠴᠢ ᠣᠨᠴᠠᠯᠠᠵᠤ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠢᠯᠡᠷᠬᠡᠢᠢᠯᠡᠯ ᠡ᠃
ᠰᠧᠨᠠᠲ᠋ ᠤᠨ ᠲᠠᠩᠬᠢᠮ ᠤᠨ ᠳᠠᠷᠤᠭ᠎ᠠ ᠮᠢᠯᠣᠱ ᠸᠢᠢᠰᠲ᠋ᠷᠴᠢᠯ ᠶᠡᠷᠦᠩᠬᠡᠢᠢᠯᠡᠭᠴᠢ ᠢᠢ ᠬᠦᠨᠳᠦᠳᠬᠡᠨ ᠦᠳᠡ ᠢᠢᠨ ᠵᠣᠭᠤᠭ ᠪᠠᠷᠢᠵᠤ᠂ ᠬᠣᠶᠠᠷ ᠣᠷᠤᠨ ᠤ ᠬᠠᠤᠯᠢ ᠲᠣᠭᠲᠠᠭᠠᠬᠤ ᠪᠠᠢᠢᠭᠤᠯᠤᠯᠭ᠎ᠠ᠂ ᠫᠠᠷᠯᠠᠮᠧᠨ᠋ᠲ᠋ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠳᠡᠮᠵᠢᠯᠭᠡ ᠥᠵᠡᠭᠦᠯᠵᠦ ᠠᠵᠢᠯᠯᠠᠬᠤ ᠪᠠᠨ ᠨᠣᠲᠠᠯᠠᠯ ᠠ᠃
ᠴᠧᠬᠣ᠋ ᠤᠯᠤᠰ ᠤᠨ ᠫᠠᠷᠯᠠᠮᠧᠨ᠋ᠲ᠋ ᠤᠨ ᠰᠧᠨᠠᠲ᠋ ᠤᠨ ᠲᠠᠩᠬᠢᠮ 81 ᠰᠠᠭᠤᠳᠠᠯ ᠲᠠᠢ ᠪᠥᠭᠡᠳ ᠭᠡᠰᠢᠭᠦᠳ 6 ᠵᠢᠯ ᠢᠢᠡᠷ ᠰᠣᠩᠭ᠋ᠤᠭᠳᠠᠳᠠᠭ᠃ ᠲᠡᠳᠡᠨ ᠦ ᠭᠤᠷᠪᠠᠨ ᠤ ᠨᠢᠭᠡ ᠢᠢ ᠬᠣᠶᠠᠷ ᠵᠢᠯ ᠲᠤᠲᠤᠮ ᠳᠤ 27 ᠲᠣᠭᠤᠷᠢᠭ ᠲᠤᠰ ᠪᠦᠷᠢ ᠡᠴᠡ ᠨᠢᠭᠡ ᠮᠠᠨ᠋ᠳᠠᠲ᠋ ᠢᠢᠠᠷ ᠰᠤᠩᠭ᠋ᠤᠳᠠᠭ ᠪᠠᠢᠢᠨ᠎ᠠ᠃

