ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠶᠠᠫᠣᠨ ᠤᠯᠤᠰ ᠤᠨ 126 ᠳ᠋ᠠᠬᠢ ᠴᠣᠭ ᠵᠢᠪᠬᠤᠯᠠᠩ ᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ ᠮᠣᠩ᠋ᠭᠤᠯ ᠤᠯᠤᠰ ᠲᠤ 2025 ᠣᠨ ᠤ 07 ᠳ᠋ᠤᠭᠠᠷ ᠰᠠᠷ᠎ᠠ ᠢᠢᠨ ᠡᠬᠢ ᠪᠡᠷ ᠲᠥᠷᠦ ᠢᠢᠨ ᠠᠢᠢᠯᠴᠢᠯᠠᠯ ᠬᠢᠬᠦ ᠪᠡᠷ ᠲᠥᠯᠦᠪᠯᠡᠵᠦ ᠪᠠᠢᠢᠨ᠎ᠠ᠃
ᠲᠤᠰ ᠠᠢᠢᠯᠴᠢᠯᠠᠯ ᠨᠢ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠠᠨ ᠮᠠᠰᠠᠻᠣ ᠨᠠᠷ ᠤᠨ ᠮᠣᠩ᠋ᠭᠤᠯ ᠤᠯᠤᠰ ᠲᠤ ᠬᠢᠬᠦ ᠠᠩᠬᠠᠨ ᠤ ᠲᠥᠷᠦ ᠢᠢᠨ ᠠᠢᠢᠯᠴᠢᠯᠠᠯ ᠶᠤᠮ᠃
ᠡᠨᠡᠬᠦ ᠲᠥᠷᠦ ᠢᠢᠨ ᠠᠢᠢᠯᠴᠢᠯᠠᠯ ᠨᠢ ᠠᠷᠠᠳᠴᠢᠯᠠᠯ ᠤᠨ ᠨᠡᠢᠢᠲᠡᠯᠢᠭ ᠦᠨᠡᠲᠦ ᠵᠦᠢᠯᠡᠰ ᠪᠦᠬᠦᠢ ᠮᠣᠩ᠋ᠭᠤᠯ ᠤᠯᠤᠰ᠂ ᠶᠠᠫᠣᠨ ᠤᠯᠤᠰ ᠤᠨ «ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠶ ᠰᠲ᠋ᠷᠠᠲ᠋ᠧᠭᠢ ᠢᠢᠨ ᠲᠦᠩᠰᠢᠯᠡᠯ» ᠢ ᠭᠦᠨᠵᠡᠭᠡᠢᠢᠷᠡᠭᠦᠯᠵᠦ᠂ «ᠬᠦᠮᠦᠨ ᠲᠥᠪ ᠲᠡᠢ» ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠬᠤ ᠲᠡᠦᠬᠡᠨ ᠠᠴᠢ ᠬᠣᠯᠪᠤᠭᠳᠠᠯ ᠲᠠᠢ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ 2019 ᠣᠨ ᠳᠤ ᠶᠡᠷᠦᠩᠬᠡᠶ ᠰᠠᠢᠢᠳ ᠪᠠᠢᠢᠬᠤ ᠳᠤ ᠪᠠᠨ ᠶᠠᠫᠣᠨ ᠤᠯᠤᠰ ᠤᠨ ᠴᠣᠭ ᠵᠢᠪᠬᠤᠯᠠᠩ ᠲᠤ ᠡᠵᠡᠨ ᠬᠠᠭᠠᠨ ᠨᠠᠷᠦ᠋ᠾᠢᠲ᠋ᠣ᠋ ᠢᠢ «ᠡᠵᠡᠨ ᠬᠠᠭᠠᠨ ᠤ ᠰᠡᠩᠲᠡᠢ ᠳᠥ ᠵᠠᠯᠠᠷᠠᠭᠰᠠᠨ ᠢ ᠲᠤᠩᠬᠠᠭᠯᠠᠬᠤ ᠲᠥᠷᠦ ᠢᠢᠨ ᠶᠣᠰᠤᠯᠠᠯ» ᠳ᠋ᠤ ᠣᠷᠤᠯᠴᠠᠵᠤ ᠪᠠᠢᠢᠭᠰᠠᠨ᠃
ᠶᠡᠷᠦᠩᠬᠡᠢᠢᠯᠡᠭᠴᠢ ᠤ·ᠬᠦᠷᠡᠯᠰᠦ᠋ᠬᠡ ᠭᠡᠷᠭᠡᠶ ᠯᠤ᠊·ᠪᠣᠯᠤᠷᠴᠡᠴᠡᠭ᠌ ᠦᠨ ᠬᠠᠮᠲᠤ ᠮᠣᠩ᠋ᠭᠤᠯ ᠤᠯᠤᠰ᠂ ᠶᠠᠫᠣᠨ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢᠨ ᠬᠦᠷᠢᠶᠡᠨ ᠳᠥ 2022 ᠣᠨ ᠳᠤ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠵᠦ᠂ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠨᠠᠷᠦ᠋ᠾᠢᠲ᠋ᠣ᠋ ᠨᠠᠷ ᠲᠤ ᠪᠠᠷᠠᠭᠠᠯᠬᠠᠭᠰᠠᠨ᠃
ᠮᠥᠨ «ᠧᠨ-ᠧᠢᠢᠴ-ᠻᠧᠶ» ᠶᠡᠬᠡ ᠲᠠᠩᠬᠢᠮ ᠳᠤ ᠮᠣᠷᠢᠨ ᠬᠤᠭᠤᠷ ᠤᠨ ᠴᠢᠭᠤᠯᠭ᠎ᠠ ᠢᠢᠨ ᠬᠦᠨᠳᠦᠳᠬᠡᠯ ᠦᠨ ᠲᠣᠭᠯᠠᠯᠲᠠ ᠢᠢ ᠬᠠᠮᠲᠤ ᠳᠤ ᠪᠠᠨ ᠦᠵᠡᠵᠦ ᠰᠣᠨᠢᠷᠬᠠᠨ ᠡᠯᠢᠭᠡᠮᠰᠦᠭ ᠳᠣᠲᠤᠨᠤ᠂ ᠢᠲᠡᠭᠡᠮᠵᠢᠯᠠᠭᠰᠡᠨ ᠬᠠᠷᠢᠯᠴᠠᠭ᠎ᠠ ᠪᠠᠨ ᠪᠡᠬᠢᠵᠢᠭᠦᠯᠦᠭᠰᠡᠨ ᠪᠢᠯᠡ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠢᠢᠨ ᠡᠨᠡᠬᠦ ᠲᠡᠦᠬᠡᠨ ᠠᠢᠢᠯᠴᠢᠯᠠᠯ ᠢᠶᠠᠷ ᠮᠣᠩ᠋ᠭᠤᠯ ᠤᠯᠤᠰ᠂ ᠶᠠᠫᠣᠨ ᠤᠯᠤᠰ ᠤᠨ ᠬᠠᠷᠢᠯᠴᠠᠭ᠎ᠠ ᠢᠢ «ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠶ ᠰᠲ᠋ᠷᠠᠲ᠋ᠧᠭᠢ ᠢᠢᠨ ᠲᠦᠩᠰᠢᠯᠡᠯ ᠦᠨ ᠲᠥᠪᠰᠢᠨ» ᠳ᠋ᠥ ᠱᠠᠲᠤ ᠠᠬᠢᠭᠤᠯᠤᠨ᠂ ᠤᠯᠤᠰ ᠲᠥᠷᠦ᠂ ᠠᠶᠤᠯ ᠦᠭᠡᠢ ᠪᠠᠢᠢᠳᠠᠯ᠂ ᠡᠳ᠋ ᠦᠨ ᠵᠠᠰᠠᠭ᠂ ᠬᠤᠳᠠᠯᠳᠤᠭ᠎ᠠ᠂ ᠬᠥᠷᠦᠩ᠋ᠭᠡ ᠣᠷᠤᠭᠤᠯᠤᠯᠲᠠ ᠢᠢᠨ ᠬᠠᠮᠲᠤ ᠢᠢᠨ ᠠᠵᠢᠯᠯᠠᠭ᠎ᠠ᠂ «ᠬᠦᠮᠦᠨ ᠲᠥᠪ ᠲᠡᠢ» ᠬᠥᠭ᠍ᠵᠢᠯ᠂ ᠢᠷᠭᠡᠳ ᠬᠣᠭᠤᠷᠤᠨᠳᠤ ᠢᠢᠨ ᠬᠠᠷᠢᠯᠴᠠᠨ ᠰᠣᠯᠢᠯᠴᠠᠭ᠎ᠠ᠂ ᠳᠡᠯᠡᠬᠡᠶ ᠨᠡᠢᠢᠲᠡ ᠢᠢ ᠬᠠᠮᠤᠷᠤᠭᠰᠠᠨ ᠨᠡᠢᠢᠲᠡᠯᠢᠭ ᠠᠰᠠᠭᠤᠳᠠᠯ ᠢᠢᠠᠷ ᠬᠢ ᠬᠠᠮᠲᠤ ᠢᠢᠨ ᠠᠵᠢᠯᠯᠠᠭ᠎ᠠ ᠭᠡᠰᠡᠨ ᠳᠥᠷᠪᠡᠨ ᠦᠨᠳᠦᠰᠦᠨ ᠴᠢᠭᠯᠡᠯ ᠢᠶᠡᠷ ᠢᠳᠡᠪᠬᠢ ᠲᠡᠢ ᠬᠠᠮᠲᠤᠷᠠᠨ ᠠᠵᠢᠯᠯᠠᠬᠤ ᠪᠠᠷ ᠪᠣᠯᠤᠭᠰᠠᠨ ᠶᠤᠮ᠃
ᠡᠨᠡᠬᠦ ᠠᠢᠢᠯᠴᠢᠯᠠᠯ ᠢᠶᠠᠷ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠢᠷᠡᠬᠦ 50 ᠵᠢᠯ ᠦᠨ ᠦᠨᠳᠦᠰᠦ ᠰᠠᠭᠤᠷᠢ ᠢᠢ ᠲᠣᠳᠤᠷᠬᠠᠢᠢᠯᠠᠵᠤ᠂ ᠲᠥᠷᠦᠲᠦ ᠶᠣᠰᠤᠨ ᠤ ᠡᠷᠲᠡᠨ ᠦ ᠲᠡᠦᠬᠡ ᠲᠡᠢ ᠬᠣᠶᠠᠷ ᠤᠯᠤᠰ ᠤᠨ ᠨᠠᠢᠢᠷᠰᠠᠭ ᠬᠠᠷᠢᠯᠴᠠᠭᠠᠨ ᠤ ᠲᠤᠯᠭ᠎ᠠ ᠢᠢᠨ ᠴᠢᠯᠠᠭᠤ ᠪᠣᠯᠤᠭᠰᠠᠨ ᠠᠷᠠᠳ ᠲᠦᠮᠡᠨ ᠬᠣᠭᠤᠷᠤᠨᠳᠤ ᠢᠢᠨ ᠨᠠᠢᠢᠷᠠᠮᠳᠠᠯ᠂ ᠨᠥᠬᠦᠷᠯᠡᠯ ᠢ ᠪᠠᠲᠤᠳᠬᠠᠨ ᠪᠡᠬᠢᠵᠢᠭᠦᠯᠦᠭᠰᠡᠨ ᠪᠢᠯᠡ᠃
ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ 2019 ᠣᠨ ᠤ 05 ᠳ᠋ᠤᠭᠠᠷ ᠰᠠᠷ᠎ᠠ ᠢᠢᠨ 01 ᠦ ᠡᠳᠦᠷ ᠡᠵᠡᠨ ᠬᠠᠭᠠᠨ ᠤ ᠰᠡᠩᠲᠡᠢ ᠳᠥ ᠵᠠᠯᠠᠷᠠᠵᠤ᠂ ᠮᠥᠨ ᠡᠳᠦᠷ ᠡᠴᠡ ᠶᠠᠫᠣᠨ ᠤᠯᠤᠰ ᠲᠤ «ᠷᠧᠢᠢᠸᠠ» ᠣᠨ ᠲᠣᠭᠠᠯᠠᠯ ᠡᠬᠢᠯᠡᠭᠰᠡᠨ᠃
ᠡᠵᠡᠨ ᠬᠠᠭᠠᠨ ᠨᠠᠷᠦ᠋ᠾᠢᠲ᠋ᠣ᠋ ᠰᠡᠩᠲᠡᠢ ᠳᠡᠭᠡᠨ ᠵᠠᠯᠠᠷᠠᠭᠰᠠᠨ ᠠᠴᠠ ᠬᠣᠢᠢᠰᠢ ᠡᠷᠬᠢᠮ ᠳᠡᠭᠡᠳᠦ ᠬᠠᠲᠤᠨ ᠮᠠᠰᠠᠻᠣ ᠢᠢᠨ ᠬᠠᠮᠲᠤ ᠬᠣᠶᠠᠷ ᠤᠳᠠᠭ᠎ᠠ ᠭᠠᠳᠠᠭᠠᠳᠤ ᠤᠯᠤᠰ ᠲᠤ ᠠᠢᠢᠯᠴᠢᠯᠠᠭᠠᠳ ᠪᠠᠢᠢᠨ᠎ᠠ᠃