ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠪᠣᠯᠠᠨ᠋ᠳ᠋ ᠤᠯᠤᠰ ᠤᠨ ᠶᠡᠷᠦᠩᠬᠡᠢᠢᠯᠡᠭᠴᠢ ᠠᠨ᠋ᠳ᠋ᠵᠧᠶ ᠳ᠋ᠦᠳᠠ ᠢᠢᠨ ᠤᠷᠢᠯᠭ᠎ᠠ ᠪᠠᠷ 2025 ᠣᠨ ᠤ 03 ᠳ᠋ᠤᠭᠠᠷ ᠰᠠᠷ᠎ᠠ ᠢᠢᠨ 13-14 ᠦ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃
ᠡᠨᠡ ᠨᠢ ᠡᠨᠡ ᠣᠨ ᠳᠤ ᠲᠣᠬᠢᠶᠠᠵᠤ ᠪᠠᠢᠢᠭ᠎ᠠ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠲᠥᠷᠦ ᠢᠢᠨ ᠲᠡᠷᠢᠭᠦᠨ ᠦ ᠲᠥᠪᠰᠢᠨ ᠳᠥ ᠪᠦᠭᠦᠳᠡ ᠨᠠᠢᠢᠷᠠᠮᠳᠠᠬᠤ ᠪᠣᠯᠠᠨ᠋ᠳ᠋ ᠤᠯᠤᠰ ᠲᠤ 12 ᠵᠢᠯ ᠦᠨ ᠳᠠᠷᠠᠭ᠎ᠠ ᠬᠢᠬᠦ ᠠᠢᠢᠯᠴᠢᠯᠠᠯ ᠶᠤᠮ᠃
ᠬᠣᠶᠠᠷ ᠤᠯᠤᠰ ᠤᠨ ᠲᠥᠷᠦ ᠢᠢᠨ ᠲᠡᠷᠢᠭᠦᠨ ᠭᠠᠭᠴᠠᠭᠠᠷᠴᠢᠯᠠᠭᠰᠠᠨ ᠠᠭᠤᠯᠵᠠᠯᠲᠠ᠂ ᠠᠯᠪᠠᠨ ᠶᠣᠰᠤᠨ ᠤ ᠬᠡᠯᠡᠯᠴᠡᠭᠡ ᠬᠢᠵᠦ᠂ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠢᠢᠨ ᠲᠥᠯᠦᠭᠡᠯᠡᠯ ᠳᠥ ᠮᠡᠳᠡᠭᠡᠯᠡᠯ ᠥᠭ᠍ᠭᠦᠨ᠎ᠡ᠃ ᠶᠡᠷᠦᠩᠬᠡᠢᠢᠯᠡᠭᠴᠢ ᠮᠥᠨ ᠪᠣᠯᠠᠨ᠋ᠳ᠋ ᠤᠨ ᠫᠠᠷᠯᠠᠮᠧᠨ᠋ᠲ᠂ ᠵᠠᠰᠠᠭ ᠤᠨ ᠲᠡᠷᠢᠭᠦᠨ ᠨᠠᠷ ᠲᠠᠢ ᠠᠭᠤᠯᠵᠠᠨ᠎ᠠ᠃
ᠠᠢᠢᠯᠴᠢᠯᠠᠯ ᠢᠶᠠᠷ ᠤᠯᠠᠮᠵᠢᠯᠠᠯᠲᠤ᠂ ᠨᠠᠢᠢᠷᠰᠠᠭ ᠬᠠᠷᠢᠯᠴᠠᠭᠠᠨ ᠤ ᠲᠥᠪᠰᠢᠨ ᠢ ᠠᠬᠢᠭᠤᠯᠬᠤ ᠢᠢᠨ ᠵᠡᠷᠭᠡᠴᠡᠭᠡ ᠡᠷᠡᠭᠦᠯ ᠮᠡᠨᠳᠦ᠂ ᠬᠥᠳᠡᠭᠡ ᠠᠵᠤ ᠠᠬᠤᠶ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠫᠠᠯᠧᠣᠨ᠋ᠲ᠋ᠤᠯᠤᠭᠢ᠂ ᠠᠷᠬᠧᠣᠯᠤᠭᠢ᠂ ᠬᠡᠪᠯᠡᠯ ᠮᠡᠳᠡᠭᠡᠯᠡᠯ᠂ ᠰᠣᠶᠤᠯ᠂ ᠻᠢᠨᠣ᠋ ᠤᠷᠠᠯᠢᠭ ᠵᠡᠷᠭᠡ ᠴᠢᠭᠯᠡᠯ ᠢᠶᠡᠷ ᠬᠠᠮᠲᠤ ᠢᠢᠨ ᠠᠵᠢᠯᠯᠠᠭᠠᠨ ᠤ 10 ᠭᠠᠷᠤᠶ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠬᠤ ᠪᠠᠷ ᠲᠥᠯᠦᠪᠯᠡᠵᠦ ᠪᠠᠢᠢᠨ᠎ᠠ᠃
ᠲᠡᠭᠦᠨᠴᠢᠯᠡᠨ ᠸᠠᠷᠱᠠᠸᠠ ᠬᠣᠲᠠᠨ᠎ᠠ ᠮᠣᠷᠢᠨ ᠬᠤᠭᠤᠷ ᠨᠠᠢᠢᠷᠠᠯ ᠬᠥᠭ᠍ᠵᠢᠮ ᠦᠨ ᠲᠣᠭᠯᠠᠯᠲᠠ᠂ ᠪᠢᠽᠢᠨᠧᠰ ᠹᠣᠷᠦᠢᠮ ᠵᠣᠬᠢᠶᠠᠨ ᠪᠠᠢᠢᠭᠤᠯᠤᠨ᠎ᠠ᠃