Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ᠂ ᠴᠸᠬᠣ  ᠢᠢᠨ ᠬᠠᠷᠢᠯᠴᠠᠭᠠᠨ ᠤ ᠲᠥᠪᠰᠢᠨ ᠢ ᠱᠠᠲᠤ ᠠᠬᠢᠭᠤᠯᠵᠤ᠂ ᠢᠵᠢ ᠪᠦᠷᠢᠨ ᠲᠦᠩᠰᠢᠯᠡᠯ ᠳᠥ ᠬᠦᠷᠭᠡᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠴᠧᠬᠣ᠋ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠲᠥᠷᠦ ᠢᠢᠨ ᠠᠢᠢᠯᠴᠢᠯᠠᠯ ᠤᠨ ᠦᠶ᠎ᠡ ᠪᠡᠷ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠥᠪᠰᠢᠨ ᠢ ᠱᠠᠲᠤ ᠠᠬᠢᠭᠤᠯᠵᠤ᠂ ᠢᠵᠢ ᠪᠦᠷᠢᠨ ᠲᠦᠩᠰᠢᠯᠡᠯ ᠳᠥ ᠬᠦᠷᠭᠡᠯ᠎ᠡ᠃

ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠪᠣᠯᠤᠭᠰᠠᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠬᠤ ᠶᠣᠰᠤᠯᠠᠯ ᠳᠤ ᠶᠡᠷᠦᠩᠬᠡᠢᠢᠯᠡᠭᠴᠢ ᠤ·ᠬᠦᠷᠡᠯᠰᠦ᠋ᠬᠡ᠂ ᠶᠡᠷᠦᠩᠬᠡᠢᠢᠯᠡᠭᠴᠢ ᠫᠧᠲ᠋ᠷ ᠫᠠᠸᠧᠯ ᠨᠠᠷ ᠣᠷᠤᠯᠴᠠᠯ᠎ᠠ᠃

«ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠴᠧᠬᠣ᠋ ᠤᠯᠤᠰ ᠬᠣᠭᠤᠷᠤᠨᠳᠤ ᠢᠢᠨ ᠢᠵᠢ ᠪᠦᠷᠢᠨ ᠲᠦᠩᠰᠢᠯᠡᠯ ᠦᠨ ᠲᠤᠬᠠᠶ ᠬᠠᠮᠲᠤᠷᠠᠭᠰᠠᠨ ᠲᠤᠩᠬᠠᠭᠯᠠᠯ» ᠳ᠋ᠤ ᠮᠣᠩ᠋ᠭᠤᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠴᠧᠬᠣ᠋ ᠢᠢᠨ ᠲᠠᠯ᠎ᠠ ᠠᠴᠠ ᠭᠠᠳᠠᠭᠠᠳᠤ ᠬᠡᠷᠡᠭ ᠦᠨ ᠰᠠᠢᠢᠳ ᠶᠠᠨ ᠯᠢᠫᠠᠸᠰᠻᠢ ᠨᠠᠷ ᠵᠢᠷᠤᠯ᠎ᠠ᠃

ᠮᠣᠩ᠋ᠭᠤᠯ ᠤᠯᠤᠰ ᠴᠧᠬᠣ᠋ ᠰᠯᠣᠸᠠᠻᠢᠶ ᠠ ᠤᠯᠤᠰ ᠲᠠᠢ 1950 ᠣᠨ ᠤ 04 ᠊ᠳ᠋ᠦᠭᠡᠷ ᠰᠠᠷ᠎ᠠ ᠢᠢᠨ 25 ᠤ ᠡᠳᠦᠷ᠂ ᠪᠦᠭᠦᠳᠡ ᠨᠠᠢᠢᠷᠠᠮᠳᠠᠬᠤ ᠴᠧᠬᠣ᠋ ᠤᠯᠤᠰ ᠲᠠᠢ 1993 ᠣᠨ ᠤ 01 ᠊ᠳ᠋ᠦᠭᠡᠷ ᠰᠠᠷ᠎ᠠ ᠢᠢᠨ 01 ᠦ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃ ᠴᠧᠬᠣ᠋ ᠨᠢ ᠮᠠᠨ ᠤ ᠤᠯᠤᠰ ᠤᠨ «ᠭᠤᠷᠪᠠᠳᠠᠭᠴᠢ ᠬᠥᠷᠰᠢ» ᠪᠥᠭᠡᠳ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠨᠢᠭᠦᠯᠵᠦ ᠢᠷᠡᠭᠰᠡᠨ ᠶᠤᠮ᠃

«ᠴᠠᠭᠳᠠᠭ᠎ᠠ ᠢᠢᠨ ᠪᠠᠢᠢᠭᠤᠯᠤᠯᠭ᠎ᠠ ᠢᠢᠨ ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠴᠧᠬᠣ᠋ ᠤᠯᠤᠰ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠨ ᠲᠠᠯ᠎ᠠ ᠠᠴᠠ ᠬᠠᠤᠯᠢ ᠵᠦᠢ᠂ ᠳᠣᠲᠤᠭᠠᠳᠤ ᠬᠡᠷᠡᠭ ᠦᠨ ᠰᠠᠢᠢᠳ ᠣᠶᠤᠨᠰᠠᠢᠢᠬᠠᠨ ᠤ ᠠᠯᠲᠠᠨᠭᠡᠷᠡᠯ᠂ ᠴᠧᠬᠣ᠋ ᠢᠢᠨ ᠲᠠᠯ᠎ᠠ ᠠᠴᠠ ᠳᠣᠲᠤᠭᠠᠳᠤ ᠬᠡᠷᠡᠭ ᠦᠨ ᠳᠡᠳ᠋ ᠰᠠᠢᠢᠳ ᠯᠦᠻᠠᠱ ᠾᠧᠨ᠋ᠳ᠋ᠷᠢᠾ ᠨᠠᠷ ᠭᠠᠷ ᠤᠨ ᠦᠰᠦᠭ ᠵᠢᠷᠤᠯ᠎ᠠ᠃

ᠵᠣᠬᠢᠶᠠᠨ ᠪᠠᠢᠢᠭᠤᠯᠤᠯᠲᠠ ᠲᠠᠢ ᠭᠡᠮᠲᠦ ᠬᠡᠷᠡᠭ ᠡᠴᠡ ᠤᠷᠢᠳᠴᠢᠯᠠᠨ ᠰᠡᠷᠭᠡᠢᠢᠯᠡᠬᠦ᠂ ᠢᠯᠡᠷᠡᠭᠦᠯᠬᠦ᠂ ᠭᠡᠮᠲᠦ ᠬᠡᠷᠡᠭ ᠦᠨ ᠵᠣᠬᠢᠶᠠᠨ ᠪᠠᠢᠢᠭᠤᠯᠤᠭᠴᠢ ᠢᠢ ᠣᠯᠵᠤ ᠲᠣᠭᠲᠠᠭᠠᠬᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠦᠨ ᠪᠡᠬᠢᠵᠢᠭᠦᠯᠬᠦ᠂ ᠣᠯᠠᠨ ᠨᠡᠢᠢᠲᠡ ᠢᠢᠨ ᠠᠶᠤᠯ ᠦᠭᠡᠢ ᠪᠠᠢᠢᠳᠠᠯ᠂ ᠬᠡᠪ ᠵᠢᠷᠤᠮ ᠵᠥᠷᠢᠴᠡᠭᠳᠡᠬᠦ ᠡᠴᠡ ᠤᠷᠢᠳᠴᠢᠯᠠᠨ ᠰᠡᠷᠭᠡᠢᠢᠯᠡᠬᠦ ᠴᠢᠭᠯᠡᠯ ᠳᠥ ᠬᠣᠶᠠᠷ ᠤᠯᠤᠰ ᠤᠨ ᠡᠷᠬᠡ ᠪᠦᠬᠦᠢ ᠪᠠᠢᠢᠭᠤᠯᠤᠯᠭ᠎ᠠ ᠨᠤᠭᠤᠳ ᠬᠣᠭᠤᠷᠤᠨᠳᠤ ᠪᠠᠨ ᠰᠢᠭᠤᠳ ᠬᠠᠷᠢᠯᠴᠠᠵᠤ᠂ ᠲᠦᠷᠭᠡᠨ ᠰᠢᠭᠤᠷᠬᠠᠶ ᠬᠠᠮᠲᠤᠷᠠᠨ ᠠᠵᠢᠯᠯᠠᠬᠤ ᠪᠣᠯᠤᠮᠵᠢᠲᠠᠢ ᠪᠣᠯᠤᠨ᠎ᠠ᠃ ᠲᠠᠯ᠎ᠠ ᠨᠤᠭᠤᠳ ᠻᠷᠢᠮᠢᠨᠣᠯᠣᠭᠢ ᠢᠢᠨ ᠰᠤᠳᠤᠯᠭ᠎ᠠ ᠬᠢᠬᠦ᠂ ᠮᠥᠷᠳᠡᠨ ᠰᠢᠯᠭᠠᠬᠤ ᠠᠵᠢᠯᠯᠠᠭᠠᠨ ᠤ ᠠᠷᠭ᠎ᠠ ᠲᠠᠻᠲ᠋ᠢᠭ ᠤᠨ ᠲᠠᠯ᠎ᠠ ᠪᠠᠷ ᠬᠠᠷᠢᠯᠴᠠᠨ ᠲᠤᠷᠰᠢᠯᠭ᠎ᠠ ᠰᠣᠯᠢᠯᠴᠠᠵᠤ᠂ ᠬᠠᠮᠲᠤᠷᠠᠭᠰᠠᠨ ᠰᠤᠷᠭᠠᠯᠲᠠ᠂ ᠰᠧᠮᠢᠨᠠᠷ᠂ ᠳᠠᠳᠤᠯᠭ᠎ᠠ᠂ ᠰᠤᠷᠭᠠᠭᠤᠯᠢᠯᠲᠠ᠂ ᠬᠡᠯᠡᠨ ᠦ ᠰᠤᠷᠭᠠᠯᠲᠠ ᠵᠣᠬᠢᠶᠠᠨ ᠪᠠᠢᠢᠭᠤᠯᠬᠤ᠂ ᠮᠡᠷᠭᠡᠵᠢᠯᠲᠡᠨ ᠨᠦᠭᠦᠳ ᠢ ᠰᠤᠷᠭᠠᠬᠤ ᠵᠡᠷᠭᠡ ᠪᠡᠷ ᠬᠠᠮᠲᠤᠷᠠᠨ ᠠᠵᠢᠯᠯᠠᠨ᠎ᠠ᠃

«ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠪᠣᠯᠪᠠᠰᠤᠷᠠᠯ ᠤᠨ ᠶᠠᠮᠤ᠂ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠪᠣᠯᠪᠠᠰᠤᠷᠠᠯ᠂ ᠵᠠᠯᠠᠭᠤᠴᠤᠳ᠂ ᠪᠡᠶ᠎ᠡ ᠢᠢᠨ ᠲᠠᠮᠢᠷ ᠤᠨ ᠶᠠᠮᠤ ᠬᠣᠭᠤᠷᠤᠨᠳᠤ ᠢᠢᠨ ᠬᠡᠯᠡᠯᠴᠡᠭᠡᠷ» ᠲᠤ ᠮᠣᠩ᠋ᠭᠤᠯ ᠤᠨ ᠲᠠᠯ᠎ᠠ ᠠᠴᠠ ᠪᠣᠯᠪᠠᠰᠤᠷᠠᠯ ᠤᠨ ᠰᠠᠢᠢᠳ ᠫᠦᠷᠪᠦᠰᠦ᠋ᠷᠦᠩ ᠦᠨ ᠨᠠᠷᠠᠨᠪᠠᠶᠠᠷ᠂ ᠴᠧᠬᠣ᠋ ᠢᠢᠨ ᠲᠠᠯ᠎ᠠ ᠠᠴᠠ ᠪᠣᠯᠪᠠᠰᠤᠷᠠᠯ᠂ ᠵᠠᠯᠠᠭᠤᠴᠤᠳ᠂ ᠪᠡᠶ᠎ᠡ ᠢᠢᠨ ᠲᠠᠮᠢᠷ ᠤᠨ ᠳᠡᠳ᠋ ᠰᠠᠢᠢᠳ ᠶᠠᠷᠣᠰᠯᠠᠸ ᠮᠢᠯᠯᠧᠷ ᠨᠠᠷ ᠭᠠᠷ ᠤᠨ ᠦᠰᠦᠭ ᠵᠢᠷᠤᠯ᠎ᠠ᠃

«ᠶᠡᠷᠦᠩᠬᠡᠢᠢᠯᠡᠭᠴᠢ ᠢᠢᠨ ᠢᠯᠡᠭᠡᠯᠲᠡ-2100» ᠲᠡᠳᠬᠦᠯᠭᠡᠲᠦ ᠬᠥᠲᠦᠯᠪᠦᠷᠢ ᠲᠥ ᠲᠡᠩᠴᠡᠭᠰᠡᠨ ᠣᠶᠤᠲᠠᠨ ᠨᠤᠭᠤᠳ ᠴᠧᠬᠣ᠋ ᠢᠢᠨ ᠲᠥᠷᠦ ᠢᠢᠨ ᠥᠮᠴᠢ ᠢᠢᠨ ᠶᠡᠬᠡ᠂ ᠳᠡᠭᠡᠳᠦ ᠰᠤᠷᠭᠠᠭᠤᠯᠢ ᠳᠤ ᠰᠤᠷᠤᠯᠴᠠᠬᠤ ᠪᠣᠯᠤᠮᠵᠢ ᠢᠢ ᠨᠡᠮᠡᠭᠰᠡᠨ ᠦ ᠵᠡᠷᠭᠡᠴᠡᠭᠡ ᠣᠶᠤᠲᠠᠨ᠂ ᠪᠠᠭᠰᠢ᠂ ᠰᠤᠳᠤᠯᠤᠭᠠᠴᠢᠳ ᠢ ᠪᠣᠭᠤᠨᠢ ᠬᠤᠭᠤᠴᠠᠭᠠᠨ ᠤ ᠰᠤᠷᠭᠠᠯᠲᠠ ᠳᠤ ᠬᠠᠷᠢᠯᠴᠠᠨ ᠬᠠᠮᠤᠷᠤᠭᠤᠯᠤᠨ᠎ᠠ᠃ ᠬᠣᠶᠠᠷ ᠤᠯᠤᠰ ᠤᠨ ᠬᠡᠯᠡ᠂ ᠰᠣᠶᠤᠯ ᠢ ᠰᠤᠷᠤᠯᠴᠠᠬᠤ᠂ ᠮᠡᠳᠡᠯᠭᠡ ᠢᠢ ᠭᠦᠨᠵᠡᠭᠡᠢᠢᠷᠡᠭᠦᠯᠬᠦ ᠵᠣᠷᠢᠯᠭ᠎ᠠ ᠪᠠᠷ ᠵᠢᠯ ᠪᠦᠷᠢ ᠬᠡᠯᠡ ᠵᠦᠢ᠂ ᠤᠷᠠᠨ ᠵᠣᠬᠢᠶᠠᠯ ᠤᠨ ᠵᠤᠨ ᠤ ᠰᠤᠷᠭᠠᠯᠲᠠ ᠬᠠᠮᠲᠤᠷᠠᠨ ᠵᠣᠬᠢᠶᠠᠨ ᠪᠠᠢᠢᠭᠤᠯᠤᠨ᠎ᠠ᠃

«ᠬᠥᠳᠡᠭᠡ ᠠᠵᠤ ᠠᠬᠤᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤ᠂ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠬᠥᠳᠡᠭᠡ ᠠᠵᠤ ᠠᠬᠤᠢ ᠢᠢᠨ ᠶᠠᠮᠤ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠨ ᠲᠠᠯ᠎ᠠ ᠠᠴᠠ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠰᠠᠢᠢᠳ ᠵᠠᠳᠳᠣᠩᠪᠠ ᠢᠢᠨ ᠡᠩᠬᠡᠪᠠᠶᠠᠷ᠂ ᠴᠧᠬᠣ᠋ ᠢᠢᠨ ᠲᠠᠯ᠎ᠠ ᠠᠴᠠ ᠬᠥᠳᠡᠭᠡ ᠠᠵᠤ ᠠᠬᠤᠢ ᠢᠢᠨ ᠰᠠᠢᠢᠳ ᠮᠠᠷᠢᠻ ᠸᠢᠪᠣᠷᠨᠢ ᠨᠠᠷ ᠭᠠᠷ ᠤᠨ ᠦᠰᠦᠭ ᠵᠢᠷᠤᠯ᠎ᠠ᠃

ᠰᠠᠨᠠᠮᠵᠢ ᠪᠢᠴᠢᠭ᠌ ᠢ ᠬᠣᠶᠠᠷ ᠤᠯᠤᠰ ᠤᠨ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠵᠦ᠂ ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ ᠵᠣᠷᠢᠯᠲᠠ ᠢᠢᠨ ᠬᠦᠷᠢᠶᠡᠨ ᠳᠥ ᠪᠠᠢᠢᠭᠤᠯᠤᠯ᠎ᠠ᠃ ᠬᠥᠳᠡᠭᠡ ᠠᠵᠤ ᠠᠬᠤᠢ ᠢᠢᠨ ᠳᠡᠪᠰᠢᠯᠲᠡᠲᠦ ᠲᠧᠭᠨᠢᠭ᠂ ᠲ᠋ᠧᠭᠨᠣᠯᠤᠭᠢ᠂ ᠮᠠᠱᠢᠨ᠂ ᠲᠣᠨᠤᠭ ᠲᠥᠬᠦᠭᠡᠷᠦᠮᠵᠢ ᠢᠢᠨ ᠰᠣᠯᠢᠯᠴᠠᠭ᠎ᠠ᠂ ᠮᠠᠯ᠂ ᠠᠮᠢᠲᠠᠨ ᠤ ᠭᠠᠷᠤᠯ ᠲᠠᠢ ᠲᠦᠭᠦᠬᠡᠢ ᠡᠳ᠋᠂ ᠪᠦᠲᠦᠭᠡᠭ᠍ᠳᠡᠬᠦᠨ ᠦ ᠦᠢᠯᠡᠳᠪᠦᠷᠢᠯᠡᠯ᠂ ᠬᠦᠨᠡᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ᠂ ᠭᠠᠵᠠᠷ ᠲᠠᠷᠢᠶᠠᠯᠠᠩ ᠤᠨ ᠴᠢᠭᠯᠡᠯ ᠢᠶᠡᠷ ᠬᠠᠮᠲᠤᠷᠠᠨ᠎ᠠ᠃ ᠤᠯᠠᠮᠵᠢᠯᠠᠯᠲᠤ ᠪᠡᠯᠴᠢᠭᠡᠷ ᠦᠨ ᠮᠠᠯ ᠠᠵᠤ ᠠᠬᠤᠶ ᠠᠴᠠ ᠭᠠᠷᠤᠯ ᠲᠠᠢ ᠲᠦᠭᠦᠬᠡᠢ ᠡᠳ᠋᠂ ᠪᠦᠲᠦᠭᠡᠭ᠍ᠳᠡᠬᠦᠨ ᠢ ᠧᠦ᠋ᠷᠣᠫᠠ ᠢᠢᠨ ᠵᠠᠬ᠎ᠠ ᠵᠡᠭᠡᠯᠢ ᠳᠥ ᠭᠠᠷᠭᠠᠬᠤ ᠪᠣᠯᠤᠮᠵᠢ ᠢᠢ ᠡᠷᠢᠯᠬᠢᠯᠡᠵᠦ᠂ ᠡᠨᠡ ᠴᠢᠭᠯᠡᠯ ᠦᠨ ᠬᠠᠮᠲᠤ ᠢᠢᠨ ᠠᠵᠢᠯᠯᠠᠭ᠎ᠠ ᠢᠢ ᠡᠬᠢᠯᠡᠯ᠎ᠡ᠃

«ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠶᠠᠮᠤ ᠪᠣᠯᠤᠨ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠫᠷᠠᠾᠠ ᠬᠣᠲᠠ ᠢᠢᠨ ᠠᠮᠢᠲᠠᠨ ᠤ ᠬᠦᠷᠢᠶᠡᠯᠡᠩ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠠᠴᠠ ᠪᠦᠭᠦᠳᠡ ᠨᠠᠢᠢᠷᠠᠮᠳᠠᠬᠤ ᠴᠧᠬᠣ᠋ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳᠠᠮᠳᠢᠨ ᠤ ᠭᠠᠩᠰᠦ᠋ᠬᠡ᠂ ᠴᠧᠬᠣ᠋ ᠢᠢᠨ ᠲᠠᠯ᠎ᠠ ᠠᠴᠠ ᠫᠷᠠᠾᠠ ᠬᠣᠲᠠ ᠢᠢᠨ ᠠᠮᠢᠲᠠᠨ ᠤ ᠬᠦᠷᠢᠶᠡᠯᠡᠩ ᠦᠨ ᠵᠠᠬᠢᠷᠤᠯ ᠮᠢᠷᠣᠰᠯᠠᠸ ᠪᠣᠪᠧᠻ ᠨᠠᠷ ᠭᠠᠷ ᠤᠨ ᠦᠰᠦᠭ ᠵᠢᠷᠤᠯ᠎ᠠ᠃

ᠴᠧᠬᠣ᠋ ᠤᠯᠤᠰ ᠲᠠᠢ ᠳᠡᠯᠡᠬᠡᠶ ᠳᠥ ᠨᠡᠩ ᠬᠣᠪᠤᠷᠳᠠᠭᠰᠠᠨ ᠬᠠᠪᠲᠠᠭᠠᠶ ᠲᠡᠮᠡᠭᠡ ᠢᠢ ᠬᠠᠮᠠᠭᠠᠯᠠᠬᠤ᠂ ᠡᠻᠣᠰᠢᠰᠲ᠋ᠧᠮ ᠢ ᠨᠢ ᠬᠠᠳᠠᠭᠠᠯᠠᠨ ᠦᠯᠡᠳᠡᠬᠦ ᠬᠠᠮᠲᠤ ᠢᠢᠨ ᠠᠵᠢᠯᠯᠠᠭ᠎ᠠ ᠡᠬᠢᠯᠡᠯ᠎ᠡ᠃ ᠴᠧᠬᠣ᠋ ᠤᠯᠤᠰ ᠳᠠᠬᠢ ᠰᠡᠷᠭᠦᠭᠡᠨ ᠨᠤᠲᠤᠭᠰᠢᠭᠤᠯᠬᠤ ᠲᠥᠰᠦᠯ ᠢ ᠠᠮᠵᠢᠯᠲᠠᠲᠠᠢ ᠬᠡᠷᠡᠭᠵᠢᠭᠦᠯᠵᠦ ᠪᠠᠢᠢᠭᠰᠠᠨ ᠲᠤᠷᠰᠢᠯᠭ᠎ᠠ ᠲᠠᠢ᠃ ᠡᠨᠡ ᠤᠳᠠᠭ᠎ᠠ ᠣᠯᠠᠨ ᠤᠯᠤᠰ ᠤᠨ ᠡᠷᠳᠡᠮᠲᠡᠨ᠂ ᠰᠤᠳᠤᠯᠤᠭᠠᠴᠢᠳ ᠢ ᠣᠷᠤᠯᠴᠠᠭᠤᠯᠤᠨ ᠬᠠᠪᠲᠠᠭᠠᠶ ᠲᠡᠮᠡᠭᠡ ᠢᠢ ᠬᠠᠮᠠᠭᠠᠯᠠᠬᠤ ᠠᠵᠢᠯ ᠢ ᠥᠷᠭᠡᠵᠢᠭᠦᠯᠦᠨ᠂ ᠲᠣᠭ᠎ᠠ ᠲᠣᠯᠤᠭᠠᠶ ᠢᠢ ᠲᠣᠭᠲᠠᠪᠤᠷᠢ ᠲᠠᠢ ᠬᠠᠳᠠᠭᠠᠯᠠᠬᠤ᠂ ᠠᠮᠢᠳᠤᠷᠠᠬᠤ ᠣᠷᠴᠢᠨ ᠤ ᠡᠻᠣᠰᠢᠰᠲ᠋ᠧᠮ ᠦᠨ ᠰᠤᠳᠤᠯᠭ᠎ᠠ ᠢᠢ ᠡᠷᠴᠢᠮᠵᠢᠭᠦᠯᠬᠦ᠂ ᠬᠠᠮᠠᠭᠠᠯᠠᠯ ᠤᠨ ᠲᠥᠯᠦᠪᠯᠡᠭᠡ ᠢᠢ ᠨᠠᠷᠢᠪᠴᠢᠯᠠᠨ ᠪᠣᠯᠪᠠᠰᠤᠷᠠᠭᠤᠯᠬᠤ᠂ ᠦᠷ᠎ᠡ ᠨᠥᠯᠦᠭᠡ ᠢᠢ ᠬᠠᠮᠲᠤᠷᠠᠨ ᠰᠠᠢᠢᠵᠢᠷᠠᠭᠤᠯᠬᠤ ᠪᠠᠷ ᠪᠣᠯᠪᠠ᠃

«ᠪᠡᠶ᠎ᠡ ᠢᠢᠨ ᠲᠠᠮᠢᠷ᠂ ᠰᠫᠣᠷᠲ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠪᠡᠶ᠎ᠡ ᠢᠢᠨ ᠲᠠᠮᠢᠷ᠂ ᠰᠫᠣᠷᠲ ᠤᠨ ᠤᠯᠤᠰ ᠤᠨ ᠬᠣᠷᠢᠶ᠎ᠠ ᠪᠣᠯᠤᠨ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠦᠨᠳᠦᠰᠦᠨ ᠦ ᠰᠫᠣᠷᠲ ᠤᠨ ᠠᠭᠧᠨ᠋ᠲ᠋ᠯᠢᠭ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠠᠴᠠ ᠪᠦᠭᠦᠳᠡ ᠨᠠᠢᠢᠷᠠᠮᠳᠠᠬᠤ ᠴᠧᠬᠣ᠋ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠳᠠᠮᠳᠢᠨ ᠤ ᠭᠠᠩᠰᠦ᠋ᠬᠡ᠂ ᠴᠧᠬᠣ᠋ ᠢᠢᠨ ᠲᠠᠯ᠎ᠠ ᠠᠴᠠ ᠦᠨᠳᠦᠰᠦᠨ ᠦ ᠰᠫᠣᠷᠲ ᠤᠨ ᠠᠭᠧᠨ᠋ᠲ᠋ᠯᠢᠭ ᠤᠨ ᠳᠠᠷᠤᠭ᠎ᠠ ᠣᠨ᠋ᠳ᠋ᠷᠧᠶ ᠱᠧᠪᠧᠻ ᠨᠠᠷ ᠭᠠᠷ ᠤᠨ ᠦᠰᠦᠭ ᠵᠢᠷᠤᠯ᠎ᠠ᠃

ᠰᠫᠣᠷᠲ᠂ ᠪᠡᠶ᠎ᠡ ᠢᠢᠨ ᠲᠠᠮᠢᠷ ᠤᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠮᠡᠳᠡᠯᠭᠡ ᠰᠣᠯᠢᠯᠴᠠᠭ᠎ᠠ᠂ ᠮᠡᠷᠭᠡᠵᠢᠯ ᠦᠨ ᠪᠣᠯᠤᠨ ᠣᠯᠠᠨ ᠨᠡᠢᠢᠲᠡ ᠢᠢᠨ ᠰᠫᠣᠷᠲ ᠤᠨ ᠬᠥᠭ᠍ᠵᠢᠯ᠂ ᠴᠠᠬᠢᠮᠵᠢᠭᠤᠯᠤᠯᠲᠠ᠂ ᠰᠫᠣᠷᠲ ᠤᠨ ᠪᠠᠢᠢᠭᠤᠯᠤᠮᠵᠢ ᠢᠢᠨ ᠮᠧᠨᠧᠵᠮᠧᠨ᠋ᠲ᠂ ᠰᠫᠣᠷᠲ ᠤᠨ ᠬᠤᠯᠪᠤᠭᠠᠳ ᠪᠣᠯᠤᠨ ᠪᠤᠰᠤᠳ ᠬᠤᠯᠪᠤᠭᠳᠠᠬᠤ ᠪᠠᠢᠢᠭᠤᠯᠤᠯᠭ᠎ᠠ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠬᠦ ᠵᠡᠷᠭᠡ ᠴᠢᠭᠯᠡᠯ ᠳᠥ ᠬᠠᠮᠲᠤᠷᠠᠨ ᠠᠵᠢᠯᠯᠠᠨ᠎ᠠ᠃