ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠴᠧᠬᠣ᠋ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠲᠥᠷᠦ ᠢᠢᠨ ᠠᠢᠢᠯᠴᠢᠯᠠᠯ ᠢᠶᠠᠷ ᠬᠠᠷᠢᠯᠴᠠᠭᠠᠨ ᠤ ᠲᠥᠪᠰᠢᠨ ᠢ ᠱᠠᠲᠤ ᠠᠬᠢᠭᠤᠯᠵᠤ ᠢᠵᠢ ᠪᠦᠷᠢᠨ ᠲᠦᠩᠰᠢᠯᠡᠯ ᠳᠥ ᠬᠦᠷᠭᠡᠭ᠍ᠰᠡᠨ ᠢᠢᠡᠨ ᠲᠤᠩᠬᠠᠭᠯᠠᠨ ᠵᠠᠷᠯᠠᠯ᠎ᠠ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠶᠡᠷᠦᠩᠬᠡᠢᠢᠯᠡᠭᠴᠢ ᠫᠧᠲ᠋ᠷ ᠫᠠᠸᠧᠯ ᠨᠠᠷ ᠬᠣᠶᠠᠷ ᠤᠯᠤᠰ ᠤᠨ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠥᠭ᠍ᠭᠦᠭ᠍ᠰᠡᠨ ᠮᠡᠳᠡᠭᠡᠯᠡᠯ ᠡᠴᠡ ᠬᠦᠷᠭᠡᠵᠦ ᠪᠠᠢᠢᠨ᠎ᠠ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ:
ᠡᠷᠬᠢᠮ ᠬᠦᠨᠳᠦᠲᠦ ᠶᠡᠷᠦᠩᠬᠡᠢᠢᠯᠡᠭᠴᠢ ᠡ᠂
ᠡᠨᠳᠡ ᠴᠤᠭᠯᠠᠭᠰᠠᠨ ᠬᠡᠪᠯᠡᠯ ᠦᠨ ᠲᠥᠯᠦᠭᠡᠯᠡᠭᠴᠢᠳ ᠡ᠂
ᠪᠢᠳᠡ ᠪᠦᠬᠦᠨ ᠢ ᠡᠯᠢᠭᠡᠰᠡᠭ ᠳᠣᠲᠤᠨᠤ ᠪᠠᠷ ᠬᠦᠯᠢᠶᠡᠨ ᠠᠪᠴᠤ ᠪᠠᠢᠢᠭ᠎ᠠ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠳᠤ ᠪᠣᠯᠤᠨ ᠴᠧᠬᠣ᠋ ᠢᠢᠨ ᠲᠥᠷᠦ᠂ ᠵᠠᠰᠠᠭ᠂ ᠨᠠᠢᠢᠷᠰᠠᠭ ᠠᠷᠠᠳ ᠲᠦᠮᠡᠨ ᠳᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠶ ᠡ᠃
ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠣᠢ ᠢᠢᠨ ᠬᠦᠷᠢᠶᠡᠨ ᠳᠥ ᠬᠢᠵᠦ ᠪᠤᠢ ᠡᠨᠡ ᠠᠢᠢᠯᠴᠢᠯᠠᠯ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠨᠢᠭᠡᠨ ᠰᠢᠨ᠎ᠡ ᠬᠠᠭᠤᠳᠠᠰᠤ ᠢᠢ ᠨᠡᠭᠡᠭᠡᠵᠦ᠂ ᠬᠠᠷᠢᠯᠴᠠᠭ᠎ᠠ ᠢᠢ ᠢᠵᠢ ᠪᠦᠷᠢᠨ ᠲᠦᠩᠰᠢᠯᠡᠯ ᠳᠥ ᠬᠦᠷᠭᠡᠭ᠍ᠰᠡᠨ ᠲᠡᠦᠬᠡᠨ ᠠᠢᠢᠯᠴᠢᠯᠠᠯ ᠪᠣᠯᠵᠤ ᠪᠠᠢᠢᠨ᠎ᠠ᠃
ᠦᠵᠡᠰᠬᠦᠯᠡᠩᠲᠦ ᠰᠠᠢᠢᠬᠠᠨ ᠴᠧᠬᠣ᠋ ᠤᠯᠤᠰ ᠢ ᠪᠢᠳᠡ «ᠭᠤᠷᠪᠠᠳᠠᠭᠴᠢ ᠬᠥᠷᠰᠢ»᠂ ᠧᠦ᠋ᠷᠣᠫᠠ ᠳ᠋ᠠᠬᠢ ᠴᠢᠬᠤᠯᠠ ᠲᠦᠩᠰᠢ ᠪᠡᠨ ᠬᠡᠮᠡᠨ ᠦᠵᠡᠳᠡᠭ ᠪᠥᠭᠡᠳ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦ ᠲᠠᠯ᠎ᠠ ᠪᠠᠷ ᠲᠤᠭᠤᠰᠢᠲᠠᠢ ᠥᠷᠭᠡᠵᠢᠭᠦᠯᠦᠨ ᠬᠥᠭ᠍ᠵᠢᠭᠦᠯᠬᠦ ᠢᠢ ᠢᠮᠠᠭᠲᠠ ᠡᠷᠡᠮᠡᠯᠵᠡᠳᠡᠭ ᠶᠤᠮ᠃
ᠡᠷᠳᠡᠨᠢᠲᠦ ᠢᠢᠨ ᠵᠡᠰ ᠦᠨ ᠣᠷᠳᠤ ᠢᠢ ᠮᠣᠩ᠋ᠭᠤᠯ-ᠴᠧᠬᠣ᠋ ᠢᠢᠨ ᠭᠧᠣᠯᠤᠭᠢ ᠢᠢᠨ ᠬᠠᠮᠲᠤᠷᠠᠭᠰᠠᠨ ᠪᠠᠭ 1960 ᠊ᠭᠠᠳᠠ ᠣᠨ ᠤ ᠳᠤᠮᠳᠠ ᠦᠶ᠎ᠡ ᠳᠥ ᠨᠡᠭᠡᠭᠡᠨ ᠢᠯᠡᠷᠡᠭᠦᠯᠵᠦ ᠪᠠᠢᠢᠭᠰᠠᠨ᠃ ᠳᠠᠷᠬᠠᠨ ᠤ ᠼᠧᠮᠧᠨ᠋ᠲ᠋ ᠦᠨ ᠦᠢᠯᠡᠳᠪᠦᠷᠢ᠂ ᠠᠷᠠᠰᠤ ᠰᠢᠷᠢ ᠪᠣᠯᠪᠠᠰᠤᠷᠠᠭᠤᠯᠬᠤ ᠦᠢᠯᠡᠳᠪᠦᠷᠢ᠂ ᠤᠯᠤᠰ ᠤᠨ ᠨᠢᠭᠡ᠊ᠳ᠋ᠦᠭᠡᠷ ᠲᠥᠪ ᠡᠮᠨᠡᠯᠭᠡ ᠵᠡᠷᠭᠡ ᠲᠣᠮᠣᠬᠠᠨ ᠪᠦᠲᠦᠭᠡᠨ ᠪᠠᠢᠢᠭᠤᠯᠤᠯᠲᠠ ᠢᠢ ᠴᠧᠬᠣ᠋ ᠠᠨᠳᠠ ᠨᠥᠬᠦᠳ᠂ ᠮᠡᠷᠭᠡᠵᠢᠯᠲᠡᠨ ᠨᠦᠭᠦᠳ ᠦᠨ ᠳᠡᠮᠵᠢᠯᠭᠡ ᠲᠡᠢ ᠪᠠᠢᠢᠭᠤᠯᠤᠭᠰᠠᠨ ᠲᠡᠦᠬᠡ ᠲᠡᠢ᠃
ᠥᠩ᠋ᠭᠡᠷᠡᠭᠰᠡᠨ ᠬᠤᠭᠤᠴᠠᠭᠠᠨ ᠳᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠤᠰ ᠲᠥᠷᠦ᠂ ᠡᠳ᠋ ᠦᠨ ᠵᠠᠰᠠᠭ᠂ ᠭᠧᠣᠯᠤᠭᠢ᠂ ᠠᠵᠤ ᠦᠢᠯᠡᠳᠪᠦᠷᠢ᠂ ᠪᠠᠷᠢᠯᠭ᠎ᠠ᠂ ᠬᠥᠳᠡᠯᠮᠦᠷᠢ᠂ ᠨᠡᠢᠢᠭᠡᠮ ᠦᠨ ᠬᠠᠮᠠᠭᠠᠯᠠᠯ᠂ ᠡᠷᠡᠭᠦᠯ ᠮᠡᠨᠳᠦ᠂ ᠪᠠᠢᠢᠭᠠᠯᠢ ᠣᠷᠴᠢᠨ᠂ ᠪᠣᠯᠪᠠᠰᠤᠷᠠᠯ᠂ ᠲᠡᠦᠬᠡ᠂ ᠰᠣᠶᠤᠯ ᠵᠡᠷᠭᠡ ᠰᠠᠯᠪᠤᠷᠢ ᠳᠤ ᠬᠥᠭ᠍ᠵᠢᠵᠦ ᠢᠷᠡᠭᠰᠡᠨ᠃
ᠪᠢᠳᠡ ᠣᠯᠤᠯᠲᠠ᠂ ᠠᠮᠵᠢᠯᠲᠠ ᠪᠠᠨ ᠳ᠋ᠦᠩᠨᠡᠨ ᠴᠡᠩᠨᠡᠵᠦ᠂ ᠴᠢᠨᠠᠭᠰᠢᠳᠠ ᠥᠷᠭᠡᠵᠢᠭᠦᠯᠦᠨ ᠬᠥᠭ᠍ᠵᠢᠭᠦᠯᠬᠦ᠂ ᠬᠣᠶᠠᠷ ᠤᠯᠤᠰ ᠤᠨ ᠬᠥᠭ᠍ᠵᠢᠯ ᠳᠡᠪᠰᠢᠯ ᠳᠥ ᠦᠷ᠎ᠡ ᠥᠭ᠍ᠭᠦᠭᠡᠵᠢ ᠪᠡᠨ ᠥᠭ᠍ᠬᠦᠢᠢᠴᠡ᠂ ᠬᠥᠷᠦᠩ᠋ᠭᠡ ᠣᠷᠤᠭᠤᠯᠤᠯᠲᠠ ᠢᠢ ᠨᠡᠮᠡᠭᠳᠡᠭᠦᠯᠬᠦ ᠳᠥ ᠴᠢᠭᠯᠡᠭᠰᠡᠨ ᠬᠠᠷᠢᠯᠴᠠᠨ ᠠᠰᠢᠭ ᠲᠠᠢ ᠲᠥᠰᠦᠯ᠂ ᠬᠥᠲᠦᠯᠪᠦᠷᠢ ᠨᠦᠭᠦᠳ ᠢ ᠰᠤᠳᠤᠯᠵᠤ ᠦᠵᠡᠵᠦ᠂ ᠬᠠᠮᠲᠤᠷᠠᠨ ᠬᠡᠷᠡᠭᠵᠢᠭᠦᠯᠬᠦ ᠲᠠᠯ᠎ᠠ ᠪᠠᠷ ᠶᠠᠷᠢᠯᠴᠠᠯ᠎ᠠ᠃
ᠲᠤᠬᠠᠢᠢᠯᠠᠪᠠᠯ «ᠬᠠᠷᠠᠬᠣᠷᠤᠮ» ᠬᠣᠲᠠ ᠪᠣᠯᠤᠨ «ᠰᠢᠨ᠎ᠡ ᠵᠠᠭᠤᠨᠮᠣᠳᠤ» ᠬᠣᠲᠠ ᠢᠢᠨ ᠪᠦᠲᠦᠭᠡᠨ ᠪᠠᠢᠢᠭᠤᠯᠤᠯᠲᠠ᠂ ᠳᠡᠳ᠋ ᠪᠦᠲᠦᠴᠡ᠂ ᠨᠡᠢᠢᠲᠡ ᠢᠢᠨ ᠲᠡᠭᠡᠭᠡᠪᠦᠷᠢ ᠲᠥ ᠬᠥᠷᠦᠩ᠋ᠭᠡ ᠣᠷᠤᠭᠤᠯᠬᠤ᠂ ᠬᠠᠮᠲᠤᠷᠠᠬᠤ ᠰᠠᠨᠠᠯ ᠭᠠᠷᠭᠠᠯ᠎ᠠ᠃
ᠮᠥᠨ ᠪᠣᠯᠪᠠᠰᠤᠷᠠᠯ᠂ ᠪᠠᠢᠢᠭᠠᠯᠢ ᠣᠷᠴᠢᠨ᠂ ᠬᠥᠳᠡᠭᠡ ᠠᠵᠤ ᠠᠬᠤᠶ᠂ ᠪᠡᠶ᠎ᠡ ᠢᠢᠨ ᠲᠠᠮᠢᠷ᠂ ᠰᠫᠣᠷᠲ ᠤᠨ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠲᠠᠢ ᠬᠣᠯᠪᠤᠭ᠎ᠠ ᠲᠠᠢ ᠪᠠᠷᠢᠮᠲᠠ ᠪᠢᠴᠢᠭ᠌ ᠦᠳ ᠪᠠᠢᠢᠭᠤᠯᠤᠯ᠎ᠠ᠃
ᠪᠢᠳᠡᠨ ᠦ ᠶᠠᠷᠢᠶ᠎ᠠ ᠬᠡᠯᠡᠯᠴᠡᠭᠡᠨ ᠦ ᠳ᠋ᠦᠩ ᠳᠥ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠢᠵᠢ ᠪᠦᠷᠢᠨ ᠲᠦᠩᠰᠢᠯᠡᠯ ᠦᠨ ᠲᠥᠪᠰᠢᠨ ᠳᠥ ᠬᠦᠷᠭᠡᠵᠦ ᠪᠠᠢᠢᠭ᠎ᠠ ᠪᠠᠨ ᠵᠠᠷᠯᠠᠨ᠂ ᠬᠠᠮᠲᠤᠷᠠᠭᠰᠠᠨ ᠲᠤᠩᠬᠠᠭᠯᠠᠯ ᠳᠤ ᠭᠠᠷ ᠤᠨ ᠦᠰᠦᠭ ᠵᠢᠷᠤᠯ᠎ᠠ᠃
ᠮᠣᠩ᠋ᠭᠤᠯ ᠤᠯᠤᠰ ᠤᠨ «ᠠᠯᠤᠰ ᠤᠨ ᠬᠠᠷᠠᠭ᠎ᠠ-2050»᠂ ᠴᠧᠬᠣ᠋ ᠤᠯᠤᠰ ᠤᠨ «ᠰᠲ᠋ᠷᠠᠲ᠋ᠧᠭᠢ ᠢᠢᠨ ᠲᠥᠯᠦᠪᠯᠡᠭᠡ-2030» ᠬᠥᠭ᠍ᠵᠢᠯ ᠦᠨ ᠪᠣᠳᠤᠯᠭ᠎ᠠ ᠢᠢ ᠤᠶᠠᠯᠳᠤᠭᠤᠯᠵᠤ᠂ ᠬᠥᠷᠦᠩ᠋ᠭᠡ ᠣᠷᠤᠭᠤᠯᠤᠯᠲᠠ᠂ ᠡᠻᠰᠫᠣᠷᠲ ᠢ ᠨᠡᠮᠡᠭᠳᠡᠭᠦᠯᠬᠦ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠳᠡᠳ᠋ ᠪᠦᠲᠦᠴᠡ᠂ ᠠᠭᠠᠷ ᠤᠨ ᠪᠣᠯᠤᠨ ᠬᠠᠭᠤᠷᠠᠶ ᠵᠠᠮ ᠤᠨ ᠲᠡᠭᠡᠭᠡᠪᠦᠷᠢ᠂ ᠯᠣᠵᠢᠰᠲ᠋ᠢᠭ᠂ ᠬᠥᠳᠡᠭᠡ ᠠᠵᠤ ᠠᠬᠤᠶ ᠢᠢᠨ ᠭᠠᠷᠤᠯ ᠲᠠᠢ ᠬᠦᠨᠡᠰᠦᠨ ᠦ ᠪᠦᠲᠦᠭᠡᠭ᠍ᠳᠡᠬᠦᠨ ᠦᠢᠯᠡᠳᠪᠦᠷᠢᠯᠡᠬᠦ ᠴᠢᠭᠯᠡᠯ ᠢᠶᠡᠷ ᠬᠠᠷᠢᠯᠴᠠᠨ ᠠᠰᠢᠭ ᠲᠠᠢ ᠬᠠᠮᠲᠤ ᠢᠢᠨ ᠠᠵᠢᠯᠯᠠᠭ᠎ᠠ ᠥᠷᠨᠢᠭᠦᠯᠬᠦ ᠪᠡᠷ ᠲᠣᠬᠢᠷᠠᠯᠴᠠᠯ᠎ᠠ᠃
«ᠲᠡᠷᠪᠤᠮ ᠮᠣᠳᠤ» ᠪᠣᠯᠤᠨ ᠧᠦ᠋ᠷᠣᠫᠠ ᠢᠢᠨ ᠬᠣᠯᠪᠤᠭᠠᠨ ᠤ «ᠣᠢ ᠢᠢᠨ ᠲᠦᠩᠰᠢᠯᠡᠯ» ᠤᠨ ᠬᠦᠷᠢᠶᠡᠨ ᠳᠥ ᠬᠠᠮᠲᠤᠷᠠᠨ ᠠᠵᠢᠯᠯᠠᠬᠤ ᠪᠠᠷ ᠪᠣᠯᠤᠯ᠎ᠠ᠃ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ» ᠪᠣᠯᠤᠨ «ᠴᠠᠭᠠᠨ ᠠᠯᠲᠠ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠮᠠᠨ ᠤ ᠤᠯᠤᠰ ᠤᠨ ᠳᠣᠲᠤᠭᠠᠳᠤ ᠢᠢᠨ ᠦᠢᠯᠡᠳᠪᠦᠷᠢᠯᠡᠯ ᠢ ᠬᠥᠭ᠍ᠵᠢᠭᠦᠯᠬᠦ᠂ ᠡᠷᠴᠢᠮᠵᠢᠭᠰᠡᠨ ᠮᠠᠯ ᠠᠵᠤ ᠠᠬᠤᠶ ᠢᠢ ᠳᠡᠮᠵᠢᠬᠦ᠂ ᠳᠡᠪᠰᠢᠯᠲᠡᠲᠦ ᠲᠧᠭᠨᠢᠭ᠂ ᠲ᠋ᠧᠭᠨᠣᠯᠤᠭᠢ ᠨᠡᠪᠲᠡᠷᠡᠭᠦᠯᠬᠦ᠂ ᠬᠣᠶᠠᠷ ᠤᠯᠤᠰ ᠤᠨ ᠨᠠᠢᠢᠷᠠᠮᠳᠠᠯ᠂ ᠬᠠᠮᠲᠤ ᠢᠢᠨ ᠠᠵᠢᠯᠯᠠᠭᠠᠨ ᠤ ᠪᠡᠯᠭᠡ ᠲᠡᠮᠳᠡᠭ ᠪᠣᠯᠬᠤᠢᠢᠴᠠ ᠲᠣᠮᠣᠬᠠᠨ ᠲᠥᠰᠦᠯ᠂ ᠬᠥᠲᠦᠯᠪᠦᠷᠢ ᠢᠢ ᠰᠤᠳᠤᠯᠤᠨ ᠬᠡᠷᠡᠭᠵᠢᠭᠦᠯᠬᠦ ᠪᠣᠯᠤᠯ᠎ᠠ᠃
ᠡᠷᠬᠢᠮ ᠬᠦᠨᠳᠦᠲᠦ ᠶᠡᠷᠦᠩᠬᠡᠢᠢᠯᠡᠭᠴᠢ ᠡ᠂
ᠴᠧᠬᠣ᠋ ᠢᠢᠨ ᠠᠷᠠᠳ ᠲᠦᠮᠡᠨ᠂ ᠲᠥᠷᠦ᠂ ᠵᠠᠰᠠᠭ ᠠᠴᠠ ᠥᠩ᠋ᠭᠡᠷᠡᠭᠰᠡᠨ 30 ᠭᠠᠷᠤᠶ ᠵᠢᠯ ᠦᠨ ᠬᠤᠭᠤᠴᠠᠭᠠᠨ ᠳᠤ ᠦᠷ᠎ᠡ ᠳ᠋ᠦᠩ ᠲᠡᠢ ᠣᠯᠠᠨ ᠲᠥᠰᠦᠯ᠂ ᠬᠥᠲᠦᠯᠪᠦᠷᠢ ᠬᠡᠷᠡᠭᠵᠢᠭᠦᠯᠵᠦ ᠢᠷᠡᠭᠰᠡᠨ ᠮᠠᠨ ᠤ ᠠᠷᠠᠳ ᠲᠦᠮᠡᠨ ᠢᠮᠠᠭᠲᠠ ᠲᠠᠯᠠᠷᠬᠠᠵᠤ ᠪᠠᠢᠢᠳᠠᠭ ᠪᠢᠯᠡ᠃
ᠴᠧᠬᠣ᠋ ᠬᠡᠯᠡ᠂ ᠰᠣᠶᠤᠯ ᠳᠤ ᠰᠤᠷᠤᠯᠴᠠᠵᠤ᠂ ᠪᠣᠯᠪᠠᠰᠤᠷᠠᠯ᠂ ᠮᠡᠷᠭᠡᠵᠢᠯ ᠡᠵᠡᠮᠰᠢᠭᠰᠡᠨ 20 ᠭᠠᠷᠤᠶ ᠮᠢᠩ᠋ᠭᠠᠨ ᠮᠣᠩ᠋ᠭᠤᠯ ᠢᠷᠭᠡᠨ ᠬᠣᠶᠠᠷ ᠣᠷᠤᠨ ᠤ ᠠᠷᠠᠳ ᠲᠦᠮᠡᠨ ᠦ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠭᠦᠭᠦᠷᠭᠡ ᠪᠣᠯᠤᠭᠰᠠᠭᠠᠷ ᠢᠷᠡᠭᠰᠡᠨ ᠢ ᠲᠡᠮᠳᠡᠭᠯᠡᠬᠦ ᠳᠥ ᠲᠠᠭᠠᠲᠠᠢ ᠪᠠᠢᠢᠨ᠎ᠠ᠃
«ᠢᠯᠡᠭᠡᠯᠲᠡ-2100» ᠲᠡᠳᠬᠦᠯᠭᠡᠲᠦ ᠬᠥᠲᠦᠯᠪᠦᠷᠢ ᠳᠤ ᠬᠠᠮᠤᠷᠤᠭᠳᠠᠨ ᠴᠧᠬᠣ᠋ ᠤᠯᠤᠰ ᠲᠤ ᠰᠤᠷᠤᠯᠴᠠᠵᠤ ᠪᠠᠢᠢᠭ᠎ᠠ ᠮᠣᠩ᠋ᠭᠤᠯ ᠵᠠᠯᠠᠭᠤᠰ ᠴᠦ ᠨᠠᠢᠢᠷᠠᠮᠳᠠᠯ᠂ ᠨᠥᠬᠦᠷᠯᠡᠯ ᠦᠨ ᠭᠦᠭᠦᠷᠭᠡ ᠪᠣᠯᠵᠤ᠂ ᠲᠡᠦᠬᠡᠨ ᠤᠯᠠᠮᠵᠢᠯᠠᠯ ᠢ ᠨᠡᠷ᠎ᠡ ᠲᠥᠷᠦ ᠲᠡᠢ ᠦᠷᠭᠦᠯᠵᠢᠯᠡᠭᠦᠯᠦᠨ᠎ᠡ ᠭᠡᠳᠡᠭ ᠲᠥ ᠢᠲᠡᠭᠡᠯ ᠲᠡᠭᠦᠰ ᠪᠠᠢᠢᠨ᠎ᠠ᠃
«ᠨᠡᠢᠢᠭᠡᠮ ᠦᠨ ᠬᠠᠮᠠᠭᠠᠯᠠᠯ ᠤᠨ ᠲᠤᠬᠠᠶ ᠮᠣᠩ᠋ᠭᠤᠯ ᠤᠯᠤᠰ ᠪᠣᠯᠤᠨ ᠪᠦᠭᠦᠳᠡ ᠨᠠᠢᠢᠷᠠᠮᠳᠠᠬᠤ ᠴᠧᠬᠣ᠋ ᠤᠯᠤᠰ ᠬᠣᠭᠤᠷᠤᠨᠳᠤ ᠢᠢᠨ ᠬᠡᠯᠡᠯᠴᠡᠭᠡᠷ» ᠢ ᠪᠢᠳᠡ 2023 ᠣᠨ ᠳᠤ ᠪᠠᠢᠢᠭᠤᠯᠵᠤ᠂ ᠬᠣᠶᠠᠷ ᠤᠯᠤᠰ ᠤᠨ ᠢᠷᠭᠡᠳ ᠦᠨ ᠨᠡᠢᠢᠭᠡᠮ ᠦᠨ ᠬᠠᠮᠠᠭᠠᠯᠠᠯ ᠪᠠᠲᠤᠯᠠᠭᠠᠵᠢᠭᠰᠠᠨ ᠲᠠᠯᠠᠷᠬᠠᠵᠤ ᠪᠠᠢᠢᠨ᠎ᠠ᠃
ᠴᠧᠬᠣ᠋ ᠤᠯᠤᠰ ᠲᠤ ᠠᠵᠢᠯᠯᠠᠵᠤ᠂ ᠠᠮᠢᠳᠤᠷᠠᠵᠤ ᠪᠠᠢᠢᠭ᠎ᠠ 14 ᠮᠢᠩ᠋ᠭ᠎ᠠ ᠭᠠᠷᠤᠶ ᠢᠷᠭᠡᠳ ᠦᠨ ᠲᠠᠯ᠎ᠠ ᠪᠠᠷ ᠢᠮᠠᠭᠲᠠ ᠰᠠᠨᠠᠭ᠎ᠠ ᠲᠠᠯᠪᠢᠵᠤ᠂ ᠠᠵᠢᠯᠯᠠᠵᠤ᠂ ᠰᠤᠷᠴᠤ᠂ ᠠᠮᠢᠳᠤᠷᠠᠬᠤ ᠲᠠᠭᠠᠲᠠᠢ ᠨᠥᠬᠦᠴᠡᠯ ᠢ ᠪᠦᠷᠢᠳᠦᠭᠦᠯᠬᠦ ᠢᠢᠨ ᠲᠥᠯᠦᠭᠡ ᠠᠩᠬᠠᠷᠤᠨ ᠠᠵᠢᠯᠯᠠᠵᠤ ᠪᠠᠢᠢᠭ᠎ᠠ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠳᠤ ᠪᠣᠯᠤᠨ ᠲᠥᠷᠦ᠂ ᠵᠠᠰᠠᠭ᠂ ᠠᠵᠤ ᠠᠬᠤᠶ ᠢᠢᠨ ᠨᠢᠭᠡᠴᠡ ᠨᠦᠭᠦᠳ ᠲᠥ ᠭᠦᠨ ᠲᠠᠯᠠᠷᠬᠠᠯ ᠢᠯᠡᠷᠬᠡᠢᠢᠯᠡᠶ ᠡ᠃
ᠬᠣᠶᠠᠷ ᠤᠯᠤᠰ ᠤᠨ ᠢᠷᠭᠡᠳ ᠬᠣᠭᠤᠷᠤᠨᠳᠤ ᠢᠢᠨ ᠨᠠᠢᠢᠷᠰᠠᠭ ᠬᠠᠷᠢᠯᠴᠠᠭ᠎ᠠ ᠢᠢ ᠤᠯᠠᠮ ᠪᠦᠷᠢ ᠪᠡᠬᠢᠵᠢᠭᠦᠯᠬᠦ᠂ ᠲᠡᠦᠬᠡ᠂ ᠰᠣᠶᠤᠯ᠂ ᠦᠨᠡᠲᠦ ᠵᠦᠢᠯᠡᠰ ᠢᠢᠡᠨ ᠬᠠᠷᠢᠯᠴᠠᠨ ᠲᠠᠨᠢᠭᠤᠯᠵᠤ᠂ ᠰᠤᠷᠲᠠᠯᠴᠢᠯᠠᠬᠤ ᠵᠣᠷᠢᠯᠭ᠎ᠠ ᠪᠠᠷ «ᠴᠢᠩᠬᠢᠰ ᠬᠠᠭᠠᠨ» ᠣᠯᠠᠨ ᠤᠯᠤᠰ ᠤᠨ ᠦᠵᠡᠰᠬᠦᠯᠡᠩ ᠢ ᠲᠣᠯᠢᠯᠠᠭᠤᠯᠵᠤ ᠪᠠᠢᠢᠭ᠎ᠠ ᠨᠢ ᠨᠠᠢᠢᠷᠰᠠᠭ ᠬᠠᠷᠢᠯᠴᠠᠭ᠎ᠠ᠂ ᠰᠣᠶᠤᠯ ᠤᠨ ᠰᠣᠯᠢᠯᠴᠠᠭ᠎ᠠ ᠢᠢ ᠨᠡᠮᠡᠭᠳᠡᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃
ᠦᠵᠡᠰᠬᠦᠯᠡᠩ ᠢ ᠴᠧᠬᠣ᠋ ᠪᠣᠯᠤᠨ ᠧᠦ᠋ᠷᠣᠫᠠ ᠢᠢᠨ ᠣᠯᠠᠨ ᠣᠷᠤᠨ ᠤ ᠢᠷᠭᠡᠳ ᠦᠵᠡᠵᠦ ᠰᠣᠨᠢᠷᠬᠠᠨ᠎ᠠ ᠭᠡᠳᠡᠭ ᠲᠥ ᠡᠷᠡᠭᠡᠯᠵᠡᠬᠦ ᠦᠭᠡᠢ ᠪᠠᠢᠢᠨ᠎ᠠ᠃
ᠮᠣᠩ᠋ᠭᠤᠯ ᠤᠨ ᠠᠷᠠᠳ ᠲᠦᠮᠡᠨ ᠦ ᠲᠡᠦᠬᠡ᠂ ᠰᠣᠶᠤᠯ᠂ ᠥᠪ ᠤᠯᠠᠮᠵᠢᠯᠠᠯ ᠤᠨ ᠨᠢᠭᠡᠨ ᠢᠯᠡᠷᠬᠡᠢᠢᠯᠡᠯ ᠪᠣᠯᠤᠭᠰᠠᠨ᠂ ᠮᠣᠩ᠋ᠭᠤᠯ ᠤᠯᠤᠰ ᠤᠨ ᠰᠣᠶᠤᠯ ᠤᠨ ᠡᠯᠴᠢ᠂ «ᠮᠣᠷᠢᠨ ᠬᠤᠭᠤᠷ ᠨᠠᠢᠢᠷᠠᠯ ᠬᠥᠭ᠍ᠵᠢᠮ» ᠤᠨ ᠲᠣᠭᠯᠠᠯᠲᠠ ᠪᠠᠷ ᠴᠧᠬᠣ᠋ ᠠᠨᠳᠠ ᠨᠥᠬᠦᠳ ᠦᠨ ᠢᠶᠡᠨ ᠰᠣᠨᠤᠷ ᠢ ᠮᠢᠯᠢᠶᠠᠨ᠂ ᠰᠡᠳᠬᠢᠯ ᠬᠥᠳᠡᠯᠦᠮ ᠰᠠᠢᠢᠬᠠᠨ ᠳᠤᠷᠠᠰᠤᠮᠵᠢ ᠢᠢ ᠬᠠᠮᠲᠤ ᠳᠤ ᠪᠠᠨ ᠪᠦᠲᠦᠭᠡᠵᠦ ᠪᠠᠢᠢᠭ᠎ᠠ ᠳᠤ ᠪᠠᠨ ᠪᠠᠶᠠᠷ ᠲᠠᠢ ᠪᠠᠢᠢᠨ᠎ᠠ᠃
ᠠᠢᠢᠯᠴᠢᠯᠠᠯ ᠤᠨ ᠬᠦᠷᠢᠶᠡᠨ ᠳᠥ ᠵᠣᠬᠢᠶᠠᠨ ᠪᠠᠢᠢᠭᠤᠯᠬᠤ ᠪᠢᠽᠢᠨᠧᠰ ᠹᠣᠷᠦᠢᠮ ᠳᠤ ᠣᠯᠠᠨ ᠠᠷᠪᠠᠨ ᠠᠵᠤ ᠠᠬᠤᠶ ᠢᠢᠨ ᠨᠢᠭᠡᠴᠡ ᠣᠷᠤᠯᠴᠠᠵᠤ ᠪᠠᠢᠢᠭ᠎ᠠ ᠨᠢ ᠪᠢᠽᠢᠨᠧᠰ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠬᠠᠮᠲᠤᠷᠠᠨ ᠠᠵᠢᠯᠯᠠᠬᠤ ᠬᠦᠰᠡᠯ ᠡᠷᠡᠮᠡᠯᠵᠡᠯ ᠳᠦᠭᠦᠷᠡᠩ ᠪᠠᠢᠢᠭ᠎ᠠ ᠢᠢ ᠢᠯᠡᠳᠬᠡᠵᠦ ᠪᠠᠢᠢᠨ᠎ᠠ᠃
ᠡᠳ᠋ ᠦᠨ ᠵᠠᠰᠠᠭ ᠤᠨ ᠬᠠᠷᠢᠯᠴᠠᠨ ᠠᠰᠢᠭ ᠲᠠᠢ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠪᠢᠽᠢᠨᠧᠰ ᠡᠷᠬᠢᠯᠡᠭᠴᠢ᠂ ᠪᠠᠶᠠᠯᠢᠭ ᠪᠦᠲᠦᠭᠡᠭ᠍ᠴᠢᠳ ᠢ ᠳᠡᠮᠵᠢᠬᠦ ᠳᠥ ᠡᠨᠡ ᠪᠢᠽᠢᠨᠧᠰ ᠹᠣᠷᠦᠢᠮ ᠴᠢᠬᠤᠯᠠ ᠠᠴᠢ ᠬᠣᠯᠪᠤᠭᠳᠠᠯ ᠲᠠᠢ᠃
ᠲᠠ ᠪᠢᠳᠡᠨ ᠦ ᠬᠡᠯᠡᠯᠴᠡᠨ ᠲᠣᠬᠢᠷᠠᠯᠴᠠᠭᠰᠠᠨ ᠵᠦᠢᠯᠡᠰ ᠬᠣᠶᠠᠷ ᠣᠷᠤᠨ ᠤ ᠬᠥᠭ᠍ᠵᠢᠯ ᠴᠡᠴᠡᠭᠯᠡᠯᠲᠡ᠂ ᠠᠷᠠᠳ ᠢᠷᠭᠡᠳ ᠦᠨ ᠰᠠᠢᠢᠨ ᠰᠠᠢᠢᠬᠠᠨ ᠤ ᠲᠥᠯᠦᠭᠡ ᠪᠡᠶᠡᠯᠡᠯ ᠢᠢᠡᠨ ᠣᠯᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠥᠷᠭᠡᠵᠢᠨ ᠪᠡᠬᠢᠵᠢᠨ᠎ᠡ ᠭᠡᠳᠡᠭ ᠲᠥ ᠢᠲᠡᠭᠡᠯ ᠳᠦᠭᠦᠷᠡᠩ ᠪᠠᠢᠢᠨ᠎ᠠ᠃
ᠮᠣᠩ᠋ᠭᠤᠯ ᠤᠯᠤᠰ ᠤᠨ «ᠡᠩᠬᠡ ᠢᠢ ᠡᠷᠬᠢᠮᠯᠡᠭᠰᠡᠨ᠂ ᠨᠡᠭᠡᠭᠡᠯᠲᠡᠲᠡᠢ᠂ ᠪᠡᠶ᠎ᠡ ᠳᠠᠭᠠᠭᠠᠭᠰᠠᠨ᠂ ᠣᠯᠠᠨ ᠲᠤᠯᠭᠠᠭᠤᠷᠢᠲᠤ» ᠭᠠᠳᠠᠭᠠᠳᠤ ᠪᠣᠳᠤᠯᠭ᠎ᠠ ᠪᠣᠯᠤᠨ ᠠᠷᠠᠳᠴᠢᠯᠠᠯ᠂ ᠬᠦᠮᠦᠨ ᠦ ᠡᠷᠬᠡ᠂ ᠡᠷᠬᠡ ᠴᠢᠯᠦᠭᠡ᠂ ᠬᠠᠤᠯᠢ ᠳᠡᠭᠡᠳᠦᠯᠬᠦ ᠶᠣᠰᠤ ᠵᠡᠷᠭᠡ ᠮᠠᠨ ᠤ ᠬᠣᠶᠠᠷ ᠤᠯᠤᠰ ᠤᠨ ᠨᠡᠢᠢᠲᠡᠯᠢᠭ ᠦᠨᠡᠲᠦ ᠵᠦᠢᠯ ᠳᠠᠶᠠᠩ ᠳᠡᠯᠡᠬᠡᠢ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠲᠣᠭᠲᠠᠪᠤᠷᠢ ᠲᠠᠢ ᠬᠥ᠍ᠭ᠍ᠵᠢᠯ᠂ ᠬᠦᠮᠦᠨ ᠲᠥᠷᠦᠯᠬᠢᠲᠡᠨ ᠦ ᠰᠠᠢᠢᠨ ᠰᠠᠢᠢᠬᠠᠨ ᠤ ᠲᠥᠯᠦᠭᠡᠬᠢ ᠶᠡᠬᠡ ᠦᠢᠯᠡᠰ ᠲᠥ ᠬᠠᠮᠲᠤ ᠢᠢᠨ ᠬᠤᠪᠢ ᠨᠡᠮᠡᠷᠢ ᠪᠡᠨ ᠣᠷᠤᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃
ᠮᠠᠨ ᠤ ᠬᠣᠶᠠᠷ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠥ ᠬᠠᠷᠢᠯᠴᠠᠨ ᠪᠡᠶ᠎ᠡ ᠪᠡᠶ᠎ᠡ ᠪᠡᠨ ᠳᠡᠮᠵᠢᠵᠦ᠂ ᠢᠳᠡᠪᠬᠢᠲᠡᠢ ᠬᠠᠮᠲᠤᠷᠠᠨ ᠠᠵᠢᠯᠯᠠᠵᠤ ᠢᠷᠡᠭᠰᠡᠨ ᠪᠥᠭᠡᠳ ᠪᠦᠰᠡ ᠨᠤᠲᠤᠭ᠂ ᠣᠯᠠᠨ ᠤᠯᠤᠰ ᠤᠨ ᠲᠠᠪᠴᠠᠩ ᠳ᠋ᠠᠬᠢ ᠬᠠᠮᠲᠤ ᠢᠢᠨ ᠠᠵᠢᠯᠯᠠᠭ᠎ᠠ ᠪᠠᠨ ᠤᠯᠠᠮ ᠪᠦᠷᠢ ᠡᠷᠴᠢᠮᠵᠢᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠬᠠᠷᠢᠯᠴᠠᠨ ᠨᠤᠲᠠᠯᠠᠯ᠎ᠠ᠃
ᠬᠣᠶᠠᠷ ᠣᠷᠤᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠣᠷᠤᠭᠤᠯᠵᠤ ᠪᠤᠢ ᠬᠤᠪᠢ ᠨᠡᠮᠡᠷᠢ᠂ ᠬᠢᠴᠢᠶᠡᠯ ᠵᠢᠳᠬᠦᠯ ᠣᠨᠴᠤᠭᠤᠶ ᠴᠢᠬᠤᠯᠠ ᠡᠭᠦᠷᠭᠡ ᠭᠦᠢᠴᠡᠳᠬᠡᠵᠦ ᠪᠠᠢᠢᠭ᠎ᠠ ᠢᠢ ᠲᠠᠯᠠᠷᠬᠠᠨ ᠲᠡᠮᠳᠡᠭᠯᠡᠬᠦ ᠢᠢ ᠬᠦᠰᠴᠦ ᠪᠠᠢᠢᠨ᠎ᠠ᠃
ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠢ ᠥᠨᠢ ᠡᠷᠲᠡᠨ ᠦ ᠲᠡᠦᠬᠡᠲᠦ᠂ ᠮᠥᠩᠬᠡ ᠬᠥᠬᠡ ᠲᠩᠷᠢ ᠢᠢᠨ ᠣᠷᠤᠨ ᠮᠠᠨ ᠤ ᠰᠠᠢᠢᠬᠠᠨ ᠤᠯᠤᠰ ᠲᠤ ᠲᠠᠭᠠᠯᠠᠮᠵᠢ ᠲᠠᠢ ᠴᠠᠭ ᠲᠤ ᠪᠠᠨ ᠲᠥᠷᠦ ᠢᠢᠨ ᠠᠢᠢᠯᠴᠢᠯᠠᠯ ᠬᠢᠬᠦ ᠢᠢ ᠤᠷᠢᠵᠤ ᠪᠠᠢᠢᠭ᠎ᠠ ᠪᠠᠨ ᠳᠠᠬᠢᠨ ᠢᠯᠡᠷᠬᠡᠢᠢᠯᠡᠶ ᠡ᠃
ᠮᠠᠨ ᠤ ᠬᠣᠶᠠᠷ ᠣᠷᠤᠨ ᠤ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠦᠶ᠎ᠡ ᠢᠢᠨ ᠦᠶ᠎ᠡ ᠳᠥ ᠪᠠᠲᠤᠵᠢᠨ ᠪᠡᠬᠢᠵᠢᠵᠦ᠂ ᠮᠣᠩ᠋ᠭᠤᠯ᠂ ᠴᠧᠬᠣ᠋ ᠢᠢᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠮᠥᠩᠬᠡ ᠳᠥ ᠴᠡᠴᠡᠭᠯᠡᠨ ᠬᠥᠭ᠍ᠵᠢᠬᠦ ᠪᠣᠯᠲᠤᠭᠠᠶ᠃
ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠶᠡᠷᠦᠩᠬᠡᠢᠢᠯᠡᠭᠴᠢ ᠫᠧᠲ᠋ᠷ ᠫᠠᠸᠧᠯ:
ᠡᠷᠬᠢᠮ ᠬᠦᠨᠳᠦᠲᠦ ᠶᠡᠷᠦᠩᠬᠡᠢᠢᠯᠡᠭᠴᠢ ᠡ᠂
ᠬᠡᠪᠯᠡᠯ ᠦᠨ ᠲᠥᠯᠦᠭᠡᠯᠡᠭᠴᠢᠳ ᠡ᠂
ᠮᠣᠩ᠋ᠭᠤᠯ ᠤᠯᠤᠰ ᠬᠡᠳᠦᠢ ᠪᠡᠷ ᠭᠠᠵᠠᠷ ᠵᠦᠢ ᠢᠢᠨ ᠬᠤᠪᠢ ᠳᠤ ᠠᠯᠤᠰ ᠬᠣᠯᠠ ᠴᠦ ᠭᠡᠰᠡᠨ ᠪᠢᠳᠡ ᠥᠩ᠋ᠭᠡᠷᠡᠭᠰᠡᠨ 75 ᠵᠢᠯ ᠦᠨ ᠬᠤᠭᠤᠴᠠᠭᠠᠨ ᠳᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠦᠨ ᠬᠥᠭ᠍ᠵᠢᠭᠦᠯᠵᠦ ᠢᠷᠡᠭᠰᠡᠨ᠃ ᠢᠷᠡᠬᠦ ᠰᠠᠷ᠎ᠠ ᠳᠤ ᠪᠢᠳᠡ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠣᠢ ᠪᠠᠨ ᠬᠠᠮᠲᠤᠷᠠᠨ ᠲᠡᠮᠳᠡᠭᠯᠡᠨ᠎ᠡ᠃ 1912 ᠣᠨ ᠳᠤ ᠴᠧᠬᠣ᠋ ᠢᠢᠨ ᠬᠥᠭ᠍ᠵᠢᠮ ᠦᠨ ᠨᠠᠢᠢᠷᠠᠭᠤᠯᠤᠭᠴᠢ ᠮᠣᠩ᠋ᠭᠤᠯ ᠤᠯᠤᠰ ᠤᠨ ᠲᠥᠷᠦ ᠢᠢᠨ ᠳᠠᠭᠤᠯᠠᠯ ᠢ ᠪᠢᠴᠢᠭᠰᠡᠨ ᠪᠠᠢᠢᠳᠠᠭ᠃ ᠬᠡᠳᠦᠢ ᠪᠡᠷ 75 ᠵᠢᠯ ᠭᠡᠵᠦ ᠪᠠᠢᠢᠭ᠎ᠠ ᠴᠦ 100 ᠵᠢᠯ ᠦᠨ ᠭᠦᠨ ᠬᠠᠷᠢᠯᠴᠠᠭ᠎ᠠ ᠲᠠᠢ᠃ 1923 ᠣᠨ ᠳᠤ ᠲᠤᠬᠠᠢ ᠢᠢᠨ ᠦᠶ᠎ᠡ ᠢᠢᠨ ᠴᠧᠬᠣ᠋ ᠢᠢᠨ ᠲᠤᠰᠠᠯᠠᠮᠵᠢ ᠲᠠᠢ ᠪᠠᠷ ᠰᠢᠷ᠎ᠠ ᠠᠢᠢᠷᠠᠭ ᠤᠨ ᠦᠢᠯᠡᠳᠪᠦᠷᠢ ᠪᠠᠢᠢᠭᠤᠯᠵᠤ ᠪᠠᠢᠢᠭᠰᠠᠨ ᠲᠡᠦᠬᠡ ᠲᠡᠢ᠃
ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠥᠷᠭᠡᠨ ᠪᠣᠯᠤᠮᠵᠢ ᠪᠠᠢᠢᠭ᠎ᠠ ᠭᠡᠳᠡᠭ ᠲᠥ ᠢᠲᠡᠭᠡᠯ ᠲᠡᠢ ᠪᠠᠢᠢᠨ᠎ᠠ᠃ ᠲᠤᠬᠠᠢᠢᠯᠠᠪᠠᠯ ᠠᠭᠤᠯᠠ ᠠᠭᠤᠷᠬᠠᠶ᠂ ᠡᠷᠴᠢᠮ ᠬᠦᠴᠦ᠂ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢᠯᠡᠯ᠂ ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠮᠵᠢ ᠲᠠᠢ᠂ ᠬᠠᠮᠲᠤᠷᠠᠵᠤ ᠪᠠᠢᠢᠭᠰᠠᠨ ᠲᠤᠷᠰᠢᠯᠭ᠎ᠠ ᠴᠦ ᠪᠤᠢ᠃
ᠢᠯᠠᠩ᠋ᠭᠤᠶ᠎ᠠ 1950 ᠊ᠭᠠᠳ ᠣᠨ ᠠᠴᠠ ᠮᠣᠩ᠋ᠭᠤᠯ ᠵᠠᠯᠠᠭᠤᠰ ᠴᠧᠬᠣ᠋ ᠤᠯᠤᠰ ᠲᠤ ᠰᠤᠷᠤᠯᠴᠠᠵᠤ ᠡᠬᠢᠯᠡᠭᠰᠡᠨ᠃ ᠣᠳᠤ ᠴᠦ ᠡᠨᠡ ᠴᠢᠭᠯᠡᠯ ᠢᠶᠡᠷ ᠬᠠᠮᠲᠤᠷᠠᠨ ᠠᠵᠢᠯᠯᠠᠵᠤ ᠪᠠᠢᠢᠭᠠᠳ ᠲᠠᠯᠠᠷᠬᠠᠵᠤ ᠪᠠᠢᠢᠨ᠎ᠠ᠃ ᠮᠠᠨ ᠤ ᠤᠯᠤᠰ ᠲᠤ ᠬᠥᠳᠡᠯᠮᠦᠷᠢ ᠡᠷᠬᠢᠯᠡᠵᠦ ᠪᠠᠢᠢᠭ᠎ᠠ ᠮᠣᠩ᠋ᠭᠤᠯ ᠢᠷᠭᠡᠳ ᠰᠠᠢᠢᠨ ᠠᠵᠢᠯᠯᠠᠳᠠᠭ᠂ ᠨᠡᠷ᠎ᠡ ᠬᠦᠨᠳᠦ ᠲᠡᠢ᠃ ᠪᠢᠳᠡ ᠴᠦ ᠲᠡᠳᠡᠨ ᠦ ᠬᠥᠳᠡᠯᠮᠦᠷᠢ ᠡᠷᠬᠢᠯᠡᠬᠦ ᠪᠣᠯᠤᠮᠵᠢ ᠢᠢ ᠪᠦᠷᠢᠳᠦᠭᠦᠯᠵᠦ ᠪᠠᠢᠢᠭ᠎ᠠ᠃
ᠮᠡᠷᠭᠡᠰᠢᠭᠰᠡᠨ ᠬᠦᠮᠦᠰ ᠢ ᠠᠵᠢᠯᠯᠠᠭᠤᠯᠬᠤ ᠨᠢ ᠮᠠᠨ ᠤ ᠬᠣᠶᠠᠷ ᠤᠯᠤᠰ ᠲᠤ ᠬᠡᠷᠡᠭ ᠲᠡᠢ᠃ ᠮᠠᠨ ᠤ ᠵᠠᠷᠢᠮ ᠰᠠᠯᠪᠤᠷᠢ ᠳᠤ ᠳᠤᠲᠠᠭᠳᠠᠵᠤ ᠪᠠᠢᠢᠭ᠎ᠠ ᠠᠵᠢᠯᠴᠢᠳ ᠤᠨ ᠣᠷᠤᠨ ᠵᠠᠶ ᠢᠢ ᠮᠣᠩ᠋ᠭᠤᠯᠴᠤᠳ ᠨᠥᠬᠦᠵᠦ ᠪᠠᠢᠢᠭ᠎ᠠ᠃ ᠠᠵᠢᠯ ᠬᠥᠳᠡᠯᠮᠦᠷᠢ ᠡᠷᠬᠢᠯᠡᠬᠦ ᠮᠣᠩ᠋ᠭᠤᠯ ᠢᠷᠭᠡᠳ ᠦᠨ ᠻᠸᠣᠲ ᠢ ᠨᠡᠮᠡᠭᠰᠡᠨ ᠢᠶᠡᠷ ᠠᠵᠢᠯᠴᠢᠳ ᠤᠨ ᠲᠣᠭ᠎ᠠ 80 ᠬᠤᠪᠢ ᠪᠠᠷ ᠥᠰᠦᠭᠰᠡᠨ ᠪᠠᠢᠢᠨ᠎ᠠ᠃
ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠪᠢᠽᠢᠨᠧᠰ ᠹᠣᠷᠦᠢᠮ ᠵᠣᠬᠢᠶᠠᠨ ᠪᠠᠢᠢᠭᠤᠯᠤᠨ᠎ᠠ᠃ ᠣᠯᠠᠨ ᠠᠵᠤ ᠠᠬᠤᠶ ᠢᠢᠨ ᠨᠢᠭᠡᠴᠡ ᠬᠣᠯᠪᠤᠭ᠎ᠠ ᠲᠣᠭᠲᠠᠭᠠᠵᠤ᠂ ᠬᠠᠷᠢᠯᠴᠠᠨ ᠠᠰᠢᠭ ᠲᠠᠢ ᠲᠥᠰᠦᠯ᠂ ᠬᠥᠲᠦᠯᠪᠦᠷᠢ ᠬᠡᠷᠡᠭᠵᠢᠭᠦᠯᠦᠨ᠎ᠡ ᠭᠡᠵᠦ ᠨᠠᠢᠢᠳᠠᠵᠤ ᠪᠠᠢᠢᠨ᠎ᠠ᠃
ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ ᠢᠵᠢ ᠪᠦᠷᠢᠨ ᠲᠦᠩᠰᠢᠯᠡᠯ ᠦᠨ ᠲᠥᠪᠰᠢᠨ ᠳᠥ ᠬᠦᠷᠭᠡ᠍ᠭ᠍ᠰᠡᠨ ᠢᠶᠡᠷ ᠪᠠᠲᠤᠯᠠᠨ ᠬᠠᠮᠠᠭᠠᠯᠠᠬᠤ᠂ ᠠᠶᠤᠯ ᠦᠭᠡᠢ ᠪᠠᠢᠢᠳᠠᠯ ᠤᠨ ᠴᠢᠭᠯᠡᠯ ᠢᠶᠡᠷ ᠬᠠᠮᠲᠤᠷᠠᠨ ᠠᠵᠢᠯᠯᠠᠬᠤ ᠪᠣᠯᠤᠮᠵᠢ ᠨᠡᠭᠡᠭᠡᠭ᠍ᠳᠡᠵᠦ ᠪᠠᠢᠢᠨ᠎ᠠ᠃
ᠣᠷᠤᠰ ᠤᠨ ᠬᠣᠯᠪᠤᠭᠠᠨ ᠤ ᠤᠯᠤᠰ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠤᠮᠳᠠ ᠣᠷᠤᠰᠢᠳᠠᠭ ᠮᠣᠩ᠋ᠭᠤᠯ ᠤᠯᠤᠰ ᠭᠤᠷᠪᠠᠳᠠᠭᠴᠢ ᠬᠥᠷᠰᠢ ᠲᠡᠢ ᠪᠡᠨ ᠬᠠᠷᠢᠯᠴᠠᠨ ᠠᠰᠢᠭ ᠲᠠᠢ ᠬᠠᠮᠲᠤᠷᠠᠨ ᠠᠵᠢᠯᠯᠠᠬᠤ ᠨᠢ ᠴᠢᠬᠤᠯᠠ ᠪᠠᠢᠢᠨ᠎ᠠ᠃ ᠪᠢᠳᠡ ᠬᠡᠳᠦᠢ ᠪᠡᠷ ᠭᠠᠵᠠᠷ ᠵᠦᠢ ᠢᠢᠨ ᠬᠤᠪᠢ ᠳᠤ ᠬᠣᠯᠠ ᠣᠷᠤᠰᠢᠳᠠᠭ ᠴᠦ ᠪᠢᠳᠡ ᠲᠦᠩᠰᠢ ᠢᠢᠨ ᠬᠠᠷᠢᠯᠴᠠᠭ᠎ᠠ ᠪᠠᠨ ᠥᠷᠭᠡᠵᠢᠭᠦᠯᠬᠦ ᠳᠥ ᠪᠡᠯᠡᠨ ᠪᠠᠢᠢᠨ᠎ᠠ᠃ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠴᠧᠬᠣ᠋ ᠢᠢᠨ ᠶᠡᠷᠦᠩᠬᠡᠢᠢᠯᠡᠭᠴᠢ ᠢᠢᠨ ᠬᠤᠪᠢ ᠳᠤ ᠥᠷᠭᠡᠵᠢᠭᠦᠯᠦᠨ ᠪᠡᠬᠢᠵᠢᠭᠦᠯᠵᠦ᠂ ᠭᠦᠨᠵᠡᠭᠡᠢᠢᠷᠡᠭᠦᠯᠬᠦ ᠢᠢᠨ ᠲᠥᠯᠦᠭᠡ ᠠᠵᠢᠯᠯᠠᠬᠤ ᠳᠤ ᠪᠠᠨ ᠲᠠᠭᠠᠲᠠᠢ ᠪᠠᠢᠢᠬᠤ ᠪᠣᠯᠤᠨ᠎ᠠ᠃