Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠫᠣᠯᠠᠨ᠌ᠳ᠋ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠬᠦᠷᠦᠯᠴᠡᠨ ᠢᠷᠡᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠶᠡᠷᠦᠩᠬᠡᠢᠢᠯᠡᠭᠴᠢ ᠠᠨ᠋ᠳ᠋ᠵᠧᠶ ᠳ᠋ᠦᠳᠠ ᠤᠷᠢᠯᠭ᠎ᠠ ᠪᠠᠷ 2025 ᠣᠨ ᠤ 03 ᠳ᠋ᠤᠭᠠᠷ ᠰᠠᠷ᠎ᠠ ᠢᠢᠨ 13-14 ᠦ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠸᠠᠷᠱᠠᠸᠠ ᠬᠣᠲᠠᠨ᠎ᠠ ᠬᠦᠷᠦᠯᠴᠡᠨ ᠢᠷᠡᠯ᠎ᠡ᠃

ᠶᠡᠷᠦᠩᠬᠡᠢᠢᠯᠡᠭᠴᠢ ᠢᠢ ᠸᠠᠷᠱᠠᠸᠠ ᠬᠣᠲᠠ ᠢᠢᠨ «ᠹᠷᠧᠳᠧᠷᠢᠻ ᠱᠣᠫᠧᠨ» ᠣᠯᠠᠨ ᠤᠯᠤᠰ ᠤᠨ ᠨᠢᠰᠬᠦ ᠣᠩ᠋ᠭᠤᠴᠠ ᠢᠢᠨ ᠪᠠᠭᠤᠳᠠᠯ ᠳᠤ ᠮᠣᠩ᠋ᠭᠤᠯ ᠤᠯᠤᠰ ᠠᠴᠠ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠ᠊·ᠣᠶᠤᠨᠳᠠᠷᠢ᠂ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠣᠯᠠᠨ ᠤᠯᠤᠰ ᠤᠨ ᠪᠣᠳᠤᠯᠭ᠎ᠠ ᠢᠢᠨ ᠲᠣᠪᠴᠢᠶᠠᠨ ᠤ ᠳᠠᠷᠤᠭ᠎ᠠ ᠸᠣᠢᠢᠼᠧᠾ ᠻᠣᠯᠠᠷᠰᠻᠢ ᠨᠠᠷ ᠤᠭᠲᠤᠵᠤ ᠠᠪᠤᠯ᠎ᠠ᠃

ᠡᠨᠡ ᠤᠳᠠᠭ᠎ᠠ ᠢᠢᠨ ᠠᠢᠢᠯᠴᠢᠯᠠᠯ ᠮᠣᠩ᠋ᠭᠤᠯ ᠤᠯᠤᠰ ᠤᠨ ᠲᠥᠷᠦ ᠢᠢᠨ ᠲᠡᠷᠢᠭᠦᠨ ᠦ ᠲᠥᠪᠰᠢᠨ ᠳᠥ ᠲᠤᠰ ᠤᠯᠤᠰ ᠲᠤ 12 ᠵᠢᠯ ᠦᠨ ᠳᠠᠷᠠᠭ᠎ᠠ ᠬᠢᠵᠦ ᠪᠤᠢ ᠠᠢᠢᠯᠴᠢᠯᠠᠯ ᠶᠤᠮ᠃

ᠬᠣᠶᠠᠷ ᠤᠯᠤᠰ ᠤᠨ ᠲᠥᠷᠦ ᠢᠢᠨ ᠲᠡᠷᠢᠭᠦᠨ ᠭᠠᠭᠴᠠᠭᠠᠷᠴᠢᠯᠠᠭᠰᠠᠨ ᠠᠭᠤᠯᠵᠠᠯᠲᠠ᠂ ᠠᠯᠪᠠᠨ ᠶᠣᠰᠤᠨ ᠤ ᠬᠡᠯᠡᠯᠴᠡᠭᠡ ᠬᠢᠵᠦ᠂ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠢᠢᠨ ᠲᠥᠯᠦᠭᠡᠯᠡᠯ ᠳᠥ ᠮᠡᠳᠡᠭᠡᠯᠡᠯ ᠥᠭ᠍ᠭᠦᠨ᠎ᠡ᠃ ᠶᠡᠷᠦᠩᠬᠡᠢᠢᠯᠡᠭᠴᠢ ᠮᠥᠨ ᠫᠣᠯᠠᠨ᠋ᠳ᠋ ᠤᠨ ᠫᠠᠷᠯᠠᠮᠧᠨ᠋ᠲ᠂ ᠵᠠᠰᠠᠭ ᠤᠨ ᠲᠡᠷᠢᠭᠦᠨ ᠨᠠᠷ ᠲᠠᠢ ᠠᠭᠤᠯᠵᠠᠨ᠎ᠠ᠃

ᠠᠢᠢᠯᠴᠢᠯᠠᠯ ᠢᠶᠠᠷ ᠤᠯᠠᠮᠵᠢᠯᠠᠯᠲᠤ᠂ ᠨᠠᠢᠢᠷᠰᠠᠭ ᠬᠠᠷᠢᠯᠴᠠᠭᠠᠨ ᠤ ᠲᠥᠪᠰᠢᠨ ᠢ ᠠᠬᠢᠭᠤᠯᠬᠤ ᠢᠢᠨ ᠵᠡᠷᠭᠡᠴᠡᠭᠡ ᠡᠷᠡᠭᠦᠯ ᠮᠡᠨᠳᠦ᠂ ᠬᠥᠳᠡᠭᠡ ᠠᠵᠤ ᠠᠬᠤᠶ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠫᠠᠯᠧᠣᠨ᠋ᠲ᠋ᠤᠯᠤᠭᠢ᠂ ᠠᠷᠬᠧᠣᠯᠤᠭᠢ᠂ ᠬᠡᠪᠯᠡᠯ ᠮᠡᠳᠡᠭᠡᠯᠡᠯ᠂ ᠰᠣᠶᠤᠯ᠂ ᠻᠢᠨᠣ᠋ ᠤᠷᠠᠯᠢᠭ ᠵᠡᠷᠭᠡ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ 10 ᠭᠠᠷᠤᠶ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠬᠤ ᠪᠠᠷ ᠲᠥᠯᠦᠪᠯᠡᠵᠦ ᠪᠠᠢᠢᠨ᠎ᠠ᠃

ᠲᠡᠭᠦᠨᠴᠢᠯᠡᠨ ᠸᠠᠷᠱᠠᠸᠠ ᠬᠣᠲᠠᠨ᠎ᠠ ᠮᠣᠷᠢᠨ ᠬᠤᠭᠤᠷ ᠨᠠᠢᠢᠷᠠᠯ ᠬᠥᠭ᠍ᠵᠢᠮ ᠲᠣᠭᠯᠠᠯᠲᠠ ᠪᠠᠨ ᠰᠣᠨᠢᠷᠬᠠᠭᠤᠯᠵᠤ᠂ ᠬᠣᠶᠠᠷ ᠤᠯᠤᠰ ᠤᠨ ᠬᠤᠳᠠᠯᠳᠤᠭᠠᠨ ᠤ ᠲᠠᠩᠬᠢᠮ ᠬᠠᠮᠲᠤᠷᠠᠨ ᠪᠢᠽᠢᠨᠧᠰ ᠹᠣᠷᠦᠢᠮ ᠵᠣᠬᠢᠶᠠᠨ ᠪᠠᠢᠢᠭᠤᠯᠤᠨ᠎ᠠ᠃

ᠮᠠᠨ ᠤ ᠤᠯᠤᠰ ᠠᠴᠠ 1999 ᠣᠨ ᠳᠤ ᠶᠡᠷᠦᠩᠬᠡᠢᠢᠯᠡᠭᠴᠢ ᠨᠠ᠊·ᠪᠠᠭᠠᠪᠠᠨᠳᠢ᠂ 2013 ᠣᠨ ᠳᠤ ᠶᠡᠷᠦᠩᠬᠡᠢᠢᠯᠡᠭᠴᠢ ᠴᠠ᠊·ᠡᠯᠪᠡᠭ᠍ᠳᠣᠷᠵᠢ᠂ ᠫᠣᠯᠠᠨ᠋ᠳ᠋ ᠤᠨ ᠲᠠᠯ᠎ᠠ ᠠᠴᠠ 2008 ᠣᠨ ᠳᠤ ᠶᠡᠷᠦᠩᠬᠡᠢᠢᠯᠡᠭᠴᠢ ᠯᠧ᠊·ᠻᠠᠴᠢᠨ᠋ᠰᠻᠢ᠂ 2013 ᠣᠨ ᠳᠤ ᠶᠡᠷᠦᠩᠬᠡᠢᠢᠯᠡᠭᠴᠢ ᠪᠷᠣ᠊·ᠻᠣᠮᠣᠷᠣᠸᠰᠻᠢ᠂ 2023 ᠣᠨ ᠳᠤ ᠶᠡᠷᠦᠩᠬᠡᠢᠢᠯᠡᠭᠴᠢ ᠠ᠊· ᠳ᠋ᠦᠳᠠ ᠠᠢᠢᠯᠴᠢᠯᠠᠭᠰᠠᠨ ᠶᠤᠮ᠃