ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠶᠡᠷᠦᠩᠬᠡᠢᠢᠯᠡᠭᠴᠢ ᠠ᠊· ᠳ᠋ᠦᠳᠠ ᠨᠠᠷ ᠠᠯᠪᠠᠨ ᠶᠣᠰᠤᠨ ᠤ ᠬᠡᠯᠡᠯᠴᠡᠭᠡ ᠬᠢᠯ᠎ᠡ᠃
ᠬᠡᠯᠡᠯᠴᠡᠭᠡᠨ ᠦ ᠦᠶ᠎ᠡ ᠪᠡᠷ ᠮᠣᠩ᠋ᠭᠤᠯ᠂ ᠫᠣᠯᠠᠨ᠋ᠳ᠋ ᠤᠨ ᠬᠠᠷᠢᠯᠴᠠᠭ᠎ᠠ ᠬᠣᠶᠠᠷ ᠲᠠᠯ᠎ᠠ ᠢᠢᠨ ᠬᠦᠴᠦ ᠴᠢᠷᠮᠠᠢᠢᠯᠲᠠ ᠢᠢᠨ ᠳ᠋ᠦᠩ ᠳᠥ ᠡᠳ᠋ ᠦᠨ ᠵᠠᠰᠠᠭ᠂ ᠨᠡᠢᠢᠭᠡᠮ ᠦᠨ ᠣᠯᠠᠨ ᠰᠠᠯᠪᠤᠷᠢ ᠳᠤ ᠢᠳᠡᠪᠬᠢᠲᠡᠢ ᠥᠷᠨᠢᠵᠦ ᠪᠠᠢᠢᠭᠠᠳ ᠰᠡᠳᠬᠢᠯ ᠬᠠᠩ᠋ᠭᠠᠯᠤᠭᠤᠨ ᠪᠤᠢ ᠪᠠᠨ ᠲᠥᠷᠦ ᠢᠢᠨ ᠲᠡᠷᠢᠭᠦᠨ ᠨᠠᠷ ᠢᠯᠡᠷᠬᠡᠢᠢᠯᠡᠯ᠎ᠡ᠃


ᠮᠥᠨ ᠡᠨᠡ ᠠᠢᠢᠯᠴᠢᠯᠠᠯ ᠢᠶᠠᠷ ᠬᠣᠶᠠᠷ ᠣᠷᠤᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠱᠠᠲᠤ ᠠᠬᠢᠭᠤᠯᠵᠤ «ᠢᠵᠢ ᠪᠦᠷᠢᠨ ᠲᠦᠩᠰᠢᠯᠡᠯ» ᠦᠨ ᠲᠥᠪᠰᠢᠨ ᠳᠥ ᠬᠦᠷᠭᠡᠵᠦ ᠪᠠᠢᠢᠭ᠎ᠠ ᠨᠢ ᠬᠠᠷᠢᠯᠴᠠᠭᠠᠨ ᠤ ᠲᠡᠦᠬᠡ ᠢᠢᠨ ᠨᠢᠭᠡᠨ ᠰᠢᠨ᠎ᠡ ᠬᠠᠭᠤᠳᠠᠰᠤ ᠢᠢ ᠨᠡᠭᠡᠭᠡᠭ᠍ᠰᠡᠨ᠂ ᠣᠨᠴᠤᠭᠤᠶ ᠦᠢᠯᠡ ᠶᠠᠪᠤᠳᠠᠯ ᠭᠡᠳᠡᠭ ᠲᠥ ᠰᠠᠨᠠᠯ ᠨᠢᠭᠡᠳᠡᠯᠡ᠃
ᠬᠣᠶᠠᠷ ᠤᠯᠤᠰ 1950 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠨᠡᠢᠢᠭᠡᠮ᠂ ᠡᠳ᠋ ᠦᠨ ᠵᠠᠰᠠᠭ ᠤᠨ ᠣᠯᠠᠨ ᠰᠠᠯᠪᠤᠷᠢ ᠳᠤ ᠬᠠᠮᠲᠤᠷᠠᠨ ᠠᠵᠢᠯᠯᠠᠵᠤ ᠢᠷᠡᠭᠰᠡᠨ᠃ ᠡᠨᠡ ᠲᠤᠷᠰᠢᠯᠭ᠎ᠠ ᠳᠤ ᠪᠠᠨ ᠲᠤᠯᠭᠠᠭᠤᠷᠢᠯᠠᠨ ᠢᠯᠡᠭᠦᠦ ᠥᠷᠭᠡᠨ ᠬᠦᠷᠢᠶᠡᠨ ᠳᠥ᠂ ᠲᠤᠬᠠᠢᠢᠯᠠᠪᠠᠯ ᠬᠤᠳᠠᠯᠳᠤᠭ᠎ᠠ᠂ ᠡᠳ᠋ ᠦᠨ ᠵᠠᠰᠠᠭ᠂ ᠬᠥᠷᠦᠩ᠋ᠭᠡ ᠣᠷᠤᠭᠤᠯᠤᠯᠲᠠ ᠢᠢ ᠨᠡᠮᠡᠭᠳᠡᠭᠦᠯᠵᠦ᠂ ᠬᠥᠭ᠍ᠵᠢᠯ ᠦᠨ ᠲᠣᠮᠣᠬᠠᠨ ᠪᠦᠲᠦᠭᠡᠨ ᠪᠠᠢᠢᠭᠤᠯᠤᠯᠲᠠ᠂ ᠵᠠᠮ ᠲᠡᠭᠡᠭᠡᠪᠦᠷᠢ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠭᠧᠣᠯᠤᠭᠢ᠂ ᠠᠭᠤᠯᠠ ᠠᠭᠤᠷᠬᠠᠶ᠂ ᠰᠣᠶᠤᠯ᠂ ᠤᠷᠠᠯᠢᠭ᠂ ᠪᠠᠢᠢᠭᠠᠯᠢ ᠣᠷᠴᠢᠨ ᠵᠡᠷᠭᠡ ᠰᠠᠯᠪᠤᠷᠢ ᠳᠤ ᠬᠠᠷᠢᠯᠴᠠᠨ ᠠᠰᠢᠭ ᠲᠠᠢ ᠬᠠᠮᠲᠤᠷᠠᠨ ᠠᠵᠢᠯᠯᠠᠬᠤ ᠪᠠᠷ ᠲᠣᠬᠢᠷᠠᠯᠴᠠᠯ᠎ᠠ᠃
ᠲᠥᠷᠦ ᠢᠢᠨ ᠲᠡᠷᠢᠭᠦᠨ ᠨᠠᠷ ᠳᠡᠯᠡᠬᠡᠶ ᠳ᠋ᠠᠬᠢᠨ᠎ᠠ ᠲᠤᠯᠭᠠᠷᠠᠭᠠᠳ ᠪᠤᠢ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠬᠥᠷᠦᠰᠦᠨ ᠦ ᠳᠣᠷᠤᠢᠢᠲᠠᠯ᠂ ᠬᠦᠨᠡᠰᠦᠨ ᠦ ᠠᠶᠤᠯ ᠦᠭᠡᠢ ᠪᠠᠢᠢᠳᠠᠯ ᠵᠡᠷᠭᠡ ᠰᠣᠷᠢᠯᠲᠠ ᠢᠢ ᠳᠠᠪᠠᠨ ᠲᠤᠭᠤᠯᠵᠤ᠂ ᠰᠢᠢᠳᠪᠦᠷᠢᠯᠡᠬᠦ᠂ ᠲᠡᠭᠦᠨ ᠳᠥ ᠬᠤᠪᠢ ᠨᠡᠮᠡᠷᠢ ᠪᠡᠨ ᠣᠷᠤᠭᠤᠯᠬᠤ᠂ ᠬᠣᠶᠠᠷ ᠤᠯᠤᠰ ᠤᠨ ᠳᠡᠪᠰᠢᠭᠦᠯᠦᠭᠰᠡᠨ ᠰᠠᠨᠠᠭᠠᠴᠢᠯᠠᠭ᠎ᠠ᠂ ᠵᠣᠷᠢᠯᠲᠠ ᠨᠤᠭᠤᠳ ᠢ ᠤᠶᠠᠯᠳᠤᠭᠤᠯᠵᠤ ᠬᠡᠷᠡᠭᠵᠢᠭᠦᠯᠬᠦ ᠲᠠᠯ᠎ᠠ ᠪᠠᠷ ᠶᠠᠷᠢᠯᠴᠠᠯ᠎ᠠ᠃