ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠯ᠎ᠠ᠃
• «ᠢᠵᠢ ᠪᠦᠷᠢᠨ ᠲᠦᠩᠰᠢᠯᠡᠯ ᠦᠨ ᠲᠤᠬᠠᠶ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠬᠠᠮᠲᠤᠷᠠᠭᠰᠠᠨ ᠲᠤᠩᠬᠠᠭᠯᠠᠯ» ᠳ᠋ᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠶᠡᠷᠦᠩᠬᠡᠢᠢᠯᠡᠭᠴᠢ ᠠᠨ᠋ᠳ᠋ᠵᠧᠶ ᠳ᠋ᠦᠳᠠ ᠨᠠᠷ ᠭᠠᠷ ᠤᠨ ᠦᠰᠦᠭ ᠵᠢᠷᠤᠯ᠎ᠠ᠃
ᠬᠣᠶᠠᠷ ᠤᠯᠤᠰ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 75 ᠵᠢᠯ ᠦᠨ ᠣᠢ ᠢᠢᠨ ᠬᠦᠷᠢᠶᠡᠨ ᠳᠥ ᠬᠠᠷᠢᠯᠴᠠᠭᠠᠨ ᠤ ᠲᠥᠪᠰᠢᠨ ᠢ ᠠᠬᠢᠭᠤᠯᠵᠤ᠂ ᠢᠵᠢ ᠪᠦᠷᠢᠨ ᠲᠦᠩᠰᠢᠯᠡᠯ ᠳᠥ ᠬᠦᠷᠭᠡᠯ᠎ᠡ᠃ ᠢᠵᠢ ᠪᠦᠷᠢᠨ ᠲᠦᠩᠰᠢᠯᠡᠯ ᠨᠢ ᠬᠣᠶᠠᠷ ᠤᠯᠤᠰ ᠤᠨ ᠬᠠᠷᠢᠯᠴᠠᠨ ᠬᠦᠨᠳᠦᠯᠡᠯ᠂ ᠢᠲᠡᠭᠡᠯᠴᠡᠯ ᠢ ᠪᠡᠬᠢᠵᠢᠭᠦᠯᠬᠦ᠂ ᠨᠡᠢᠢᠭᠡᠮ᠂ ᠡᠳ᠋ ᠦᠨ ᠵᠠᠰᠠᠭ ᠤᠨ ᠬᠥᠭ᠍ᠵᠢᠯ ᠦᠨ ᠵᠣᠷᠢᠯᠲᠠ ᠨᠤᠭᠤᠳ ᠢ ᠤᠶᠠᠯᠳᠤᠭᠤᠯᠵᠤ᠂ ᠬᠠᠮᠲᠤ ᠢᠢᠨ ᠠᠵᠢᠯᠯᠠᠭ᠎ᠠ ᠢᠢ ᠪᠦᠬᠦ ᠲᠠᠯ᠎ᠠ ᠪᠠᠷ ᠭᠦᠨᠵᠡᠭᠡᠢᠢᠷᠡᠭᠦᠯᠦᠨ ᠬᠥᠭ᠍ᠵᠢᠭᠦᠯᠬᠦ ᠵᠣᠷᠢᠯᠭ᠎ᠠ ᠲᠠᠢ ᠶᠤᠮ᠃

ᠮᠥᠨ ᠬᠠᠮᠲᠤᠷᠠᠨ ᠠᠵᠢᠯᠯᠠᠬᠤ ᠲᠤᠬᠠᠶ ᠪᠠᠷᠢᠮᠲᠠ ᠪᠢᠴᠢᠭ᠌ ᠦᠳ ᠲᠥ ᠬᠣᠶᠠᠷ ᠤᠯᠤᠰ ᠤᠨ ᠲᠥᠷᠦ᠂ ᠵᠠᠰᠠᠭ ᠤᠨ ᠬᠤᠯᠪᠤᠭᠳᠠᠬᠤ ᠠᠯᠪᠠᠨ ᠲᠤᠰᠢᠶᠠᠯᠲᠠᠨ ᠨᠤᠭᠤᠳ ᠭᠠᠷ ᠤᠨ ᠦᠰᠦᠭ ᠵᠢᠷᠤᠯ᠎ᠠ᠃
ᠡᠭᠦᠨ ᠳᠥ:
• «ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠢᠵᠢ ᠪᠦᠷᠢᠨ ᠲᠦᠩᠰᠢᠯᠡᠯ ᠦᠨ ᠦᠢᠯᠡ ᠠᠵᠢᠯᠯᠠᠭᠠᠨ ᠤ 2025-2030 ᠣᠨ ᠤ ᠲᠥᠯᠦᠪᠯᠡᠭᠡ» ᠳᠤ ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠫᠣᠯᠠᠨ᠋ᠳ᠋ ᠤᠨ ᠲᠠᠯ᠎ᠠ ᠠᠴᠠ ᠭᠠᠳᠠᠭᠠᠳᠤ ᠬᠡᠷᠡᠭ ᠦᠨ ᠳᠡᠳ᠋ ᠰᠠᠢᠢᠳ ᠸᠯᠠᠳᠢᠰᠯᠠᠸ ᠲᠧᠣᠹᠢᠯ ᠪᠠᠷᠲ᠋ᠣᠱᠧᠸᠰᠻᠢ ᠨᠠᠷ ᠭᠠᠷ ᠤᠨ ᠦᠰᠦᠭ ᠵᠢᠷᠤᠯ᠎ᠠ᠃
ᠤᠯᠤᠰ ᠲᠥᠷᠦ ᠢᠢᠨ ᠶᠠᠷᠢᠶ᠎ᠠ ᠬᠡᠯᠡᠯᠴᠡᠭᠡ᠂ ᠫᠠᠷᠯᠠᠮᠧᠨ᠋ᠲ ᠤᠨ ᠬᠠᠮᠲᠤ ᠢᠢᠨ ᠠᠵᠢᠯᠯᠠᠭ᠎ᠠ᠂ ᠡᠳ᠋ ᠦᠨ ᠵᠠᠰᠠᠭ᠂ ᠬᠤᠳᠠᠯᠳᠤᠭ᠎ᠠ᠂ ᠬᠥᠳᠡᠭᠡ ᠠᠵᠤ ᠠᠬᠤᠶ᠂ ᠰᠢᠨᠵᠢᠯᠡᠬᠦ ᠤᠬᠠᠭᠠᠨ᠂ ᠲ᠋ᠧᠭᠨᠣᠯᠤᠭᠢ᠂ ᠪᠠᠢᠢᠭᠠᠯᠢ ᠣᠷᠴᠢᠨ ᠵᠡᠷᠭᠡ ᠬᠠᠮᠲᠤ ᠢᠢᠨ ᠠᠵᠢᠯᠯᠠᠭᠠᠨ ᠤ ᠲᠡᠷᠢᠭᠦᠯᠡᠬᠦ ᠴᠢᠭᠯᠡᠯ ᠢ ᠲᠣᠳᠤᠷᠬᠠᠢᠢᠯᠠᠵᠤ᠂ ᠬᠤᠯᠪᠤᠭᠳᠠᠬᠤ ᠠᠷᠭ᠎ᠠ ᠬᠡᠮᠵᠢᠶ᠎ᠡ ᠨᠦᠭᠦᠳ ᠦᠨ ᠲᠥᠯᠦᠪᠯᠡᠭᠡ ᠢᠢ ᠨᠠᠷᠢᠪᠴᠢᠯᠠᠨ ᠲᠣᠭᠲᠠᠯ᠎ᠠ᠃
• «ᠮᠣᠩ᠋ᠭᠤᠯ ᠤᠯᠤᠰ ᠤᠨ ᠡᠮ᠂ ᠡᠮᠨᠡᠯᠭᠡ ᠢᠢᠨ ᠬᠡᠷᠡᠭᠰᠡᠯ ᠦᠨ ᠬᠢᠨᠠᠯᠲᠠ᠂ ᠵᠣᠬᠢᠴᠠᠭᠤᠯᠤᠯᠲᠠ ᠢᠢᠨ ᠭᠠᠵᠠᠷ᠂ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠡᠮ᠂ ᠡᠮᠨᠡᠯᠭᠡ ᠢᠢᠨ ᠬᠡᠷᠡᠭᠰᠡᠯ᠂ ᠪᠢᠣᠼᠢᠳ᠋ ᠤᠨ ᠪᠦᠲᠦᠭᠡᠭ᠍ᠳᠡᠬᠦᠨ ᠦ ᠪᠦᠷᠢᠳᠬᠡᠯ ᠦᠨ ᠭᠠᠵᠠᠷ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠡᠷᠡᠭᠦᠯ ᠮᠡᠨᠳᠦ ᠢᠢᠨ ᠰᠠᠢᠢᠳ ᠲᠣᠭᠲᠠᠮᠠᠯ ᠤᠨ ᠮᠥᠩᠬᠡᠰᠠᠢᠢᠬᠠᠨ᠂ ᠫᠣᠯᠠᠨ᠋ᠳ᠋ ᠤᠨ ᠲᠠᠯ᠎ᠠ ᠠᠴᠠ ᠡᠮ᠂ ᠡᠮᠨᠡᠯᠭᠡ ᠢᠢᠨ ᠬᠡᠷᠡᠭᠰᠡᠯ᠂ ᠪᠢᠣᠼᠢᠳ᠋ ᠤᠨ ᠪᠦᠲᠦᠭᠡᠭ᠍ᠳᠡᠬᠦᠨ ᠦ ᠪᠦᠷᠢᠳᠬᠡᠯ ᠦᠨ ᠭᠠᠵᠠᠷ ᠤᠨ ᠳᠠᠷᠤᠭ᠎ᠠ ᠭᠵᠧᠭᠣᠵ ᠼᠧᠰᠰᠠᠻ ᠨᠠᠷ ᠭᠠᠷ ᠤᠨ ᠦᠰᠦᠭ ᠵᠢᠷᠤᠯ᠎ᠠ᠃
ᠮᠣᠩ᠋ᠭᠤᠯ ᠤᠯᠤᠰ ᠲᠤ ᠡᠮᠨᠡᠯᠭᠡ ᠢᠢᠨ ᠪᠦᠲᠦᠭᠡᠭ᠍ᠳᠡᠬᠦᠨ ᠦ ᠦᠢᠯᠡᠳᠪᠦᠷᠢᠯᠡᠯ᠂ ᠬᠠᠳᠠᠭᠠᠯᠠᠯᠲᠠ᠂ ᠲᠦᠭᠡᠭᠡᠯᠲᠡ ᠳᠥ ᠧᠦ᠋ᠷᠣᠫᠠ ᠰᠲ᠋ᠠᠨ᠋ᠳᠠᠷᠲ ᠨᠤᠲᠤᠭᠰᠢᠭᠤᠯᠬᠤ᠂ ᠪᠦᠷᠢᠳᠬᠡᠯ᠂ ᠠᠶᠤᠯ ᠦᠭᠡᠢ ᠪᠠᠢᠢᠳᠠᠯ᠂ ᠲᠠᠩᠳᠠᠯᠲᠠ ᠰᠤᠳᠤᠯᠭᠠᠨ ᠤ ᠮᠡᠳᠡᠭᠡᠯᠡᠯ ᠰᠣᠯᠢᠯᠴᠠᠨ᠎ᠠ᠃ ᠮᠣᠩ᠋ᠭᠤᠯ ᠤᠯᠤᠰ ᠲᠤ ᠠᠶᠤᠯ ᠦᠭᠡᠢ᠂ ᠴᠢᠨᠠᠷᠲᠠᠶ ᠪᠠᠲᠤᠯᠠᠭ᠎ᠠ ᠲᠠᠢ ᠡᠮ᠂ ᠡᠮᠨᠡᠯᠭᠡ ᠢᠢᠨ ᠬᠡᠷᠡᠭᠰᠡᠯ᠂ ᠡᠷᠡᠭᠦᠯ ᠮᠡᠨᠳᠦ ᠢᠢᠨ ᠨᠡᠮᠡᠯᠲᠡ ᠪᠦᠲᠦᠭᠡᠭ᠍ᠳᠡᠬᠦᠨ ᠦ ᠬᠡᠷᠡᠭᠯᠡᠭᠡ ᠢᠢ ᠨᠡᠮᠡᠭᠳᠡᠭᠦᠯᠵᠦ᠂ ᠡᠷᠡᠭᠦᠯ ᠮᠡᠨᠳᠦ ᠢᠢᠨ ᠲᠤᠰᠠᠯᠠᠮᠵᠢ᠂ ᠦᠢᠯᠡᠴᠢᠯᠡᠭᠡᠨ ᠦ ᠴᠢᠨᠠᠷ᠂ ᠬᠦᠷᠲᠡᠭᠡᠮᠵᠢ ᠢᠢ ᠰᠠᠢᠢᠵᠢᠷᠠᠭᠤᠯᠬᠤ ᠴᠢᠭᠯᠡᠯ ᠢᠶᠡᠷ ᠬᠠᠮᠲᠤᠷᠠᠨ ᠠᠵᠢᠯᠯᠠᠨ᠎ᠠ᠃
• «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠪᠣᠯᠤᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠳᠠᠢᠢᠨ ᠤ ᠤᠷᠠᠯᠢᠭ ᠤᠨ ᠰᠤᠷᠭᠠᠭᠤᠯᠢ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠤᠨ ᠦᠨᠳᠦᠰᠦᠨ ᠦ ᠪᠠᠲᠤᠯᠠᠨ ᠬᠠᠮᠠᠭᠠᠯᠠᠬᠤ ᠢᠢᠨ ᠶᠡᠬᠡ ᠰᠤᠷᠭᠠᠭᠤᠯᠢ ᠢᠢᠨ ᠷᠧᠻᠲ᠋ᠣᠷ ᠰᠦᠷᠦᠩᠬᠣᠷᠯᠣ ᠢᠢᠨ ᠳᠠᠰᠢᠵᠡᠭ᠍ᠪᠡ᠂ ᠫᠣᠯᠠᠨ᠋ᠳ᠋ ᠤᠨ ᠲᠠᠯ᠎ᠠ ᠠᠴᠠ ᠳᠠᠢᠢᠨ ᠤ ᠤᠷᠠᠯᠢᠭ ᠤᠨ ᠰᠤᠷᠭᠠᠭᠤᠯᠢ ᠢᠢᠨ ᠷᠧᠻᠲ᠋ᠣᠷ ᠮᠧᠴᠢᠰᠯᠠᠸ ᠭᠣᠼᠦ᠋ᠯ ᠨᠠᠷ ᠭᠠᠷ ᠤᠨ ᠦᠰᠦᠭ ᠵᠢᠷᠤᠯ᠎ᠠ᠃
ᠬᠠᠮᠲᠤᠷᠠᠭᠰᠠᠨ ᠰᠤᠳᠤᠯᠭ᠎ᠠ᠂ ᠰᠢᠨᠵᠢᠯᠡᠭᠡ᠂ ᠰᠤᠷᠭᠠᠯᠲᠠ᠂ ᠬᠤᠷᠠᠯ᠂ ᠰᠧᠮᠢᠨᠠᠷ ᠵᠣᠬᠢᠶᠠᠨ ᠪᠠᠢᠢᠭᠤᠯᠬᠤ᠂ ᠬᠠᠷᠢᠯᠴᠠᠨ ᠲᠤᠷᠰᠢᠯᠭ᠎ᠠ ᠰᠣᠯᠢᠯᠴᠠᠬᠤ᠂ ᠰᠣᠨᠤᠰᠤᠭᠴᠢ᠂ ᠪᠠᠭᠰᠢ᠂ ᠠᠵᠢᠯᠲᠠᠨ ᠨᠤᠭᠤᠳ ᠤᠨ ᠬᠠᠷᠢᠯᠴᠠᠨ ᠰᠣᠯᠢᠯᠴᠠᠭᠠᠨ ᠤ ᠴᠢᠭᠯᠡᠯ ᠢᠶᠡᠷ ᠬᠠᠮᠲᠤᠷᠠᠨ ᠠᠵᠢᠯᠯᠠᠨ᠎ᠠ᠃ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠵᠦ᠂ ᠪᠦᠰᠡ ᠨᠤᠲᠤᠭ ᠲᠤ ᠬᠠᠷᠢᠯᠴᠠᠨ ᠢᠲᠡᠭᠡᠯᠴᠡᠯ ᠢ ᠪᠡᠬᠢᠵᠢᠭᠦᠯᠬᠦ᠂ ᠴᠡᠷᠢᠭ ᠦᠨ ᠮᠡᠷᠭᠡᠵᠢᠯᠲᠡᠨ ᠨᠦᠭᠦᠳ ᠦᠨ ᠤᠷ᠎ᠠ ᠴᠢᠳᠠᠪᠤᠷᠢ ᠢᠢ ᠤᠯᠠᠮ ᠨᠡᠮᠡᠭᠳᠡᠭᠦᠯᠬᠦ ᠪᠣᠯᠤᠮᠵᠢ ᠪᠦᠷᠢᠳᠦᠨ᠎ᠡ᠃
• «ᠰᠢᠨᠵᠢᠯᠡᠬᠦ ᠤᠬᠠᠭᠠᠨ ᠤ ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠪᠣᠯᠤᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠰᠣᠳᠨᠠᠮᠰᠠᠮᠪᠤᠤ ᠢᠢᠨ ᠳᠡᠮᠪᠡᠷᠢᠯ᠂ ᠫᠣᠯᠠᠨ᠋ᠳ᠋ ᠤᠨ ᠲᠠᠯ᠎ᠠ ᠠᠴᠠ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠮᠠᠷᠧᠻ ᠻᠣᠨᠠᠵᠧᠸᠰᠻᠢ ᠨᠠᠷ ᠭᠠᠷ ᠤᠨ ᠦᠰᠦᠭ ᠵᠢᠷᠤᠯ᠎ᠠ᠃
ᠲᠠᠯ᠎ᠠ ᠨᠤᠭᠤᠳ 1960 ᠊ᠭᠠᠳ ᠣᠨ ᠤ ᠳᠤᠮᠳᠠ ᠦᠶ᠎ᠡ ᠡᠴᠡ ᠲᠡᠦᠬᠡ᠂ ᠤᠭᠰᠠᠭᠠᠲᠠᠨ ᠵᠦᠢ᠂ ᠫᠠᠯᠧᠣᠨ᠋ᠲ᠋ᠤᠯᠤᠭᠢ᠂ ᠪᠢᠣᠯᠣᠭᠢ ᠢᠢᠨ ᠰᠠᠯᠪᠤᠷᠢ ᠳᠤ ᠢᠳᠡᠪᠬᠢᠲᠡᠢ ᠬᠠᠮᠲᠤᠷᠠᠵᠤ ᠢᠷᠡᠭᠰᠡᠨ᠃ ᠬᠠᠮᠲᠤ ᠢᠢᠨ ᠠᠵᠢᠯᠯᠠᠭ᠎ᠠ ᠰᠢᠨ᠎ᠡ ᠱᠠᠲᠤᠨ ᠳᠤ ᠭᠠᠷᠴᠤ᠂ ᠴᠠᠷ ᠬᠦᠷᠢᠶ᠎ᠡ᠂ ᠴᠢᠭᠯᠡᠯ ᠥᠷᠭᠡᠵᠢᠨ ᠲᠡᠯᠡᠵᠦ᠂ ᠤᠯᠠᠮᠵᠢᠯᠠᠯᠲᠤ ᠪᠣᠯᠤᠨ ᠰᠢᠨ᠎ᠡ ᠲᠥᠷᠦᠯ ᠦᠨ ᠬᠠᠮᠲᠤᠷᠠᠭᠰᠠᠨ ᠰᠤᠳᠤᠯᠭᠠᠨ ᠤ ᠲᠥᠰᠦᠯ ᠦᠨ ᠲᠣᠭ᠎ᠠ ᠨᠡᠮᠡᠭᠳᠡᠬᠦ᠂ ᠰᠢᠨᠵᠢᠯᠡᠬᠦ ᠤᠬᠠᠭᠠᠨ ᠤ ᠰᠠᠯᠪᠤᠷᠢ ᠢᠢᠨ ᠬᠦᠮᠦᠨ ᠦ ᠨᠥᠭᠡᠴᠡ ᠢᠢ ᠴᠢᠳᠠᠪᠬᠢᠵᠢᠭᠤᠯᠬᠤ᠂ ᠠᠻᠠᠳᠧᠮᠢ ᠬᠣᠭᠤᠷᠤᠨᠳᠤ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠲᠣᠭᠲᠠᠪᠤᠷᠢ ᠲᠠᠢ ᠬᠥᠭ᠍ᠵᠢᠭᠦᠯᠬᠦ ᠳᠥ ᠲᠦᠯᠬᠢᠴᠡ ᠪᠣᠯᠤᠨ᠎ᠠ᠃
• «ᠰᠢᠨᠵᠢᠯᠡᠬᠦ ᠤᠬᠠᠭᠠᠨ ᠤ ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠫᠠᠯᠧᠣᠨ᠋ᠲ᠋ᠤᠯᠤᠭᠢ ᠢᠢᠨ ᠬᠦᠷᠢᠶᠡᠯᠡᠩ ᠪᠣᠯᠤᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠫᠠᠯᠧᠣᠪᠢᠣᠯᠣᠭᠢ ᠢᠢᠨ ᠬᠦᠷᠢᠶᠡᠯᠡᠩ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠫᠠᠯᠧᠣᠨ᠋ᠲ᠋ᠤᠯᠤᠭᠢ ᠢᠢᠨ ᠬᠦᠷᠢᠶᠡᠯᠡᠩ ᠦᠨ ᠵᠠᠬᠢᠷᠤᠯ ᠵᠣᠷᠢᠭᠲᠤ ᠢᠢᠨ ᠪᠠᠳᠮᠠᠬᠠᠲᠠᠨ᠂ ᠫᠣᠯᠠᠨ᠋ᠳ᠋ ᠤᠨ ᠲᠠᠯ᠎ᠠ ᠠᠴᠠ ᠰᠢᠨᠵᠢᠯᠡᠬᠦ ᠤᠬᠠᠭᠠᠨ ᠤ ᠠᠻᠠᠳᠧᠮᠢ ᠢᠢᠨ ᠫᠠᠯᠧᠣᠪᠢᠣᠯᠣᠭᠢ ᠢᠢᠨ ᠬᠦᠷᠢᠶᠡᠯᠡᠩ ᠦᠨ ᠵᠠᠬᠢᠷᠤᠯ ᠶᠠᠷᠣᠰᠯᠠᠸ ᠰᠲ᠋ᠣᠯᠠᠷᠰᠻᠢ᠂
ᠠᠻᠠᠳᠧᠮᠢ ᠨᠤᠭᠤᠳ 1963-1971 ᠣᠨ ᠳᠤ ᠮᠣᠩ᠋ᠭᠤᠯ ᠤᠨ ᠭᠣᠪᠢ ᠳᠤ ᠫᠠᠯᠧᠣᠨ᠋ᠲ᠋ᠤᠯᠤᠭᠢ ᠢᠢᠨ ᠬᠠᠮᠲᠤᠷᠠᠭᠰᠠᠨ ᠬᠡᠭᠡᠷ᠎ᠡ ᠢᠢᠨ ᠰᠤᠳᠤᠯᠭ᠎ᠠ ᠬᠢᠵᠦ ᠪᠠᠢᠢᠭᠰᠠᠨ ᠲᠡᠦᠬᠡ ᠲᠡᠢ᠃ ᠡᠭᠦᠨ ᠦ ᠳ᠋ᠦᠩ ᠳᠥ ᠦᠯᠦᠭ ᠭᠦᠷᠪᠡᠯ᠂ ᠬᠥᠬᠦᠲᠡᠨ᠂ ᠮᠥᠯᠬᠥᠭ᠍ᠴᠢᠳ ᠵᠡᠷᠭᠡ ᠡᠷᠲᠡᠨ ᠦ ᠨᠤᠭᠤᠯᠤᠮᠠᠤ ᠠᠮᠢᠲᠠᠳ ᠤᠨ ᠲᠣᠮᠣᠬᠠᠨ ᠬᠡᠮᠵᠢᠶᠡᠨ ᠦ ᠴᠤᠭᠯᠠᠭᠤᠯᠭ᠎ᠠ ᠪᠤᠢ ᠪᠣᠯᠤᠭᠰᠠᠨ ᠤ ᠵᠡᠷᠭᠡᠴᠡᠭᠡ ᠰᠢᠨᠵᠢᠯᠡᠬᠦ ᠤᠬᠠᠭᠠᠨ ᠤ ᠣᠯᠠᠨ ᠰᠣᠨᠢᠷᠬᠠᠯ ᠲᠠᠢ ᠨᠡᠭᠡᠭᠡᠯᠲᠡ ᠬᠢᠭ᠍ᠰᠡᠨ᠃ ᠠᠻᠠᠳᠧᠮᠢ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠰᠢᠨ᠎ᠡ ᠲᠥᠪᠰᠢᠨ ᠳᠥ ᠭᠠᠷᠴᠤ ᠫᠠᠯᠧᠣᠨ᠋ᠲ᠋ᠤᠯᠤᠭᠢ ᠢᠢᠨ ᠴᠢᠭᠯᠡᠯ ᠦᠨ ᠲᠡᠦᠬᠡᠨ ᠰᠤᠳᠤᠯᠭ᠎ᠠ ᠪᠠᠨ ᠦᠷᠭᠦᠯᠵᠢᠯᠡᠭᠦᠯᠬᠦ ᠦᠨᠳᠦᠰᠦ ᠰᠠᠭᠤᠷᠢ ᠲᠠᠯᠪᠢᠭᠳᠠᠯ᠎ᠠ᠃
• «ᠮᠣᠩ᠋ᠭᠤᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋᠂ ᠲᠧᠯᠧᠸᠢᠽ᠂ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠦᠨᠳᠦᠰᠦᠨ ᠦ ᠲᠧᠯᠧᠸᠢᠽ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋᠂ ᠲᠧᠯᠧᠸᠢᠽ ᠦᠨ ᠶᠡᠷᠦᠩᠬᠡᠶ ᠵᠠᠬᠢᠷᠤᠯ ᠭᠠᠩᠬᠤᠶᠠᠭ ᠤᠨ ᠭᠡᠷᠡᠯ᠂ ᠫᠣᠯᠠᠨ᠋ᠳ᠋ ᠤᠨ ᠲᠠᠯ᠎ᠠ ᠠᠴᠠ ᠦᠨᠳᠦᠰᠦᠨ ᠦ ᠲᠧᠯᠧᠸᠢᠽ ᠦᠨ ᠣᠷᠤᠯᠠᠭᠴᠢ ᠵᠠᠬᠢᠷᠤᠯ ᠫᠠᠸᠧᠯ ᠰᠣᠰᠨᠣᠸᠰᠻᠢ ᠨᠠᠷ ᠭᠠᠷ ᠤᠨ ᠦᠰᠦᠭ ᠵᠢᠷᠤᠯ᠎ᠠ᠃
ᠬᠠᠮᠲᠤ ᠢᠢᠨ ᠠᠵᠢᠯᠯᠠᠭ᠎ᠠ ᠢᠢ ᠡᠬᠢᠯᠡᠭᠦᠯᠬᠦ᠂ ᠬᠣᠶᠠᠷ ᠤᠯᠤᠰ ᠤᠨ ᠲᠡᠦᠬᠡ᠂ ᠥᠪ ᠰᠣᠶᠤᠯ ᠢ ᠬᠠᠷᠠᠭᠤᠯᠤᠭᠰᠠᠨ ᠬᠠᠮᠲᠤᠷᠠᠭᠰᠠᠨ ᠤᠷᠠᠨ ᠪᠦᠲᠦᠭᠡᠯ ᠬᠢᠬᠦ᠂ ᠬᠦᠮᠦᠨ ᠦ ᠨᠥᠭᠡᠴᠡ ᠢᠢ ᠴᠢᠳᠠᠪᠬᠢᠵᠢᠭᠤᠯᠬᠤ ᠵᠠᠮ ᠢᠶᠠᠷ ᠮᠣᠩ᠋ᠭᠤᠯ᠂ ᠫᠣᠯᠠᠨ᠋ᠳ᠋ ᠬᠣᠭᠤᠷᠤᠨᠳᠤ ᠢᠢᠨ ᠲᠡᠦᠬᠡ᠂ ᠥᠪ ᠰᠣᠶᠤᠯ᠂ ᠪᠠᠢᠢᠭᠠᠯᠢ ᠣᠷᠴᠢᠨ᠂ ᠰᠣᠶᠤᠯ ᠤᠨ ᠰᠣᠯᠢᠯᠴᠠᠭ᠎ᠠ ᠢᠢ ᠥᠷᠭᠡᠨ ᠨᠡᠪᠲᠡᠷᠡᠭᠦᠯᠭᠡ ᠢᠢᠨ ᠰᠠᠯᠪᠤᠷᠢ ᠳᠤ ᠬᠥᠭ᠍ᠵᠢᠭᠦᠯᠬᠦ ᠳᠥ ᠣᠨᠴᠤᠭᠤᠶ ᠠᠴᠢ ᠬᠣᠯᠪᠤᠭᠳᠠᠯ ᠲᠠᠢ ᠪᠠᠷᠢᠮᠲᠠ ᠪᠢᠴᠢᠭ᠌ ᠶᠤᠮ᠃
• «ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠨ ᠦᠨᠳᠦᠰᠦᠨ ᠦ ᠮᠡᠳᠡᠭᠡᠯᠡᠯ ᠦᠨ ᠮᠣᠩ᠊ᠴᠠ᠊ᠮᠡ ᠠᠭᠧᠨ᠋ᠲ᠋ᠯᠢᠭ᠂ ᠫᠣᠯᠠᠨ᠋ᠳ᠋ ᠤᠨ ᠬᠡᠪᠯᠡᠯ ᠦᠨ ᠠᠭᠧᠨ᠋ᠲ᠋ᠯᠢᠭ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠠᠴᠠ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠᠸᠠᠩ-ᠶᠦᠩᠳᠦᠩ ᠦᠨ ᠣᠶᠤᠨᠳᠠᠷᠢ᠂ ᠫᠣᠯᠠᠨ᠋ᠳ᠋ ᠤᠨ ᠲᠠᠯ᠎ᠠ ᠠᠴᠠ ᠬᠡᠪᠯᠡᠯ ᠦᠨ ᠠᠭᠧᠨ᠋ᠲ᠋ᠯᠢᠭ ᠤᠨ ᠶᠡᠷᠦᠩᠬᠡᠶ ᠷᠧᠳᠠᠻᠲ᠋ᠣᠷ ᠸᠣᠢᠢᠼᠧᠾ ᠲᠦᠮᠢᠳᠠᠯᠰᠻᠢ ᠨᠠᠷ ᠭᠠᠷ ᠤᠨ ᠦᠰᠦᠭ ᠵᠢᠷᠤᠯ᠎ᠠ᠃
ᠤᠯᠤᠰ ᠲᠥᠷᠦ ᠢᠢᠨ ᠬᠠᠷᠢᠯᠴᠠᠭ᠎ᠠ᠂ ᠨᠡᠢᠢᠭᠡᠮ᠂ ᠡᠳ᠋ ᠦᠨ ᠵᠠᠰᠠᠭ ᠤᠨ ᠪᠠᠢᠢᠳᠠᠯ᠂ ᠪᠢᠽᠢᠨᠧᠰ᠂ ᠠᠶᠠᠯᠠᠯ ᠵᠢᠭᠤᠯᠴᠢᠯᠠᠯ᠂ ᠰᠣᠶᠤᠯ ᠤᠷᠠᠯᠢᠭ᠂ ᠲᠡᠦᠬᠡ ᠢᠢᠨ ᠲᠠᠯᠠᠭᠠᠷᠬᠢ ᠮᠡᠳᠡᠭᠡ᠂ ᠮᠡᠳᠡᠭᠡᠯᠡᠯ ᠢ ᠬᠠᠷᠢᠯᠴᠠᠨ ᠰᠣᠯᠢᠯᠴᠠᠵᠤ᠂ ᠮᠡᠳᠡᠭᠡᠯᠡᠯ ᠦᠨ ᠰᠤᠪᠠᠭ ᠢᠶᠠᠷ ᠢᠶᠠᠨ ᠨᠡᠢᠢᠲᠡ ᠳᠥ ᠲᠦᠭᠡᠭᠡᠨ᠎ᠡ᠃ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠵᠦ᠂ ᠰᠡᠳᠬᠦᠯᠴᠢᠳ ᠪᠣᠯᠤᠨ ᠪᠤᠰᠤᠳ ᠮᠡᠷᠭᠡᠵᠢᠯᠲᠡᠨ ᠦ ᠰᠣᠯᠢᠯᠴᠠᠭᠠᠨ ᠤ ᠬᠥᠲᠦᠯᠪᠦᠷᠢ ᠬᠡᠷᠡᠭᠵᠢᠭᠦᠯᠵᠦ᠂ ᠮᠡᠳᠡᠯᠭᠡ᠂ ᠲᠤᠷᠰᠢᠯᠭ᠎ᠠ ᠰᠣᠯᠢᠯᠴᠠᠨ᠎ᠠ᠃
• «ᠮᠣᠩ᠋ᠭᠤᠯ ᠻᠢᠨᠣ᠋ ᠨᠢᠭᠡᠳᠬᠡᠯ ᠪᠣᠯᠤᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠪᠠᠷᠢᠮᠲᠠᠲᠤ ᠪᠠ ᠤᠷᠠᠨ ᠰᠠᠢᠢᠬᠠᠨ ᠤ ᠻᠢᠨᠣ᠋ ᠦᠢᠯᠡᠳᠪᠦᠷᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ «ᠮᠣᠩ᠋ᠭᠤᠯ ᠻᠢᠨᠣ᠋» ᠨᠢᠭᠡᠳᠬᠡᠯ ᠦᠨ ᠵᠠᠬᠢᠷᠤᠯ ᠪᠦᠳ᠋ᠰᠦ᠋ᠷᠦᠩ ᠦᠨ ᠲᠦᠮᠡᠨ-ᠥᠯᠵᠡᠢ᠂ ᠫᠣᠯᠠᠨ᠋ᠳ᠋ ᠤᠨ ᠲᠠᠯ᠎ᠠ ᠠᠴᠠ ᠪᠠᠷᠢᠮᠲᠠᠲᠤ ᠪᠠ ᠤᠷᠠᠨ ᠰᠠᠢᠢᠬᠠᠨ ᠤ ᠻᠢᠨᠣ᠋ ᠦᠢᠯᠡᠳᠪᠦᠷᠢ ᠢᠢᠨ ᠣᠷᠤᠯᠠᠭᠴᠢ ᠵᠠᠬᠢᠷᠤᠯ ᠠᠭ᠍ᠨᠧᠱᠻᠠ ᠪᠧᠨ᠋ᠳ᠋ᠻᠣᠸᠰᠻᠠ ᠨᠠᠷ ᠭᠠᠷ ᠤᠨ ᠦᠰᠦᠭ ᠵᠢᠷᠤᠯ᠎ᠠ᠃
ᠬᠠᠮᠲᠤᠷᠠᠭᠰᠠᠨ ᠻᠢᠨᠣ᠋ ᠲᠥᠰᠦᠯ ᠬᠡᠷᠡᠭᠵᠢᠭᠦᠯᠬᠦ᠂ ᠻᠢᠨᠣ᠋ ᠵᠢᠷᠤᠭ ᠠᠪᠤᠯᠲᠠ ᠵᠣᠬᠢᠶᠠᠨ ᠪᠠᠢᠢᠭᠤᠯᠬᠤ᠂ ᠮᠡᠷᠭᠡᠵᠢᠯ ᠦᠨ ᠵᠥᠪᠯᠡᠭᠡ᠂ ᠰᠤᠷᠭᠠᠯᠲᠠ ᠶᠠᠪᠤᠭᠤᠯᠬᠤ᠂ ᠻᠢᠨᠣ᠋ ᠦᠢᠯᠡᠳᠪᠦᠷᠢᠯᠡᠯ ᠦᠨ ᠮᠡᠷᠭᠡᠵᠢᠯᠲᠡᠨ ᠨᠦᠭᠦᠳ ᠪᠡᠯᠡᠳᠬᠡᠬᠦ᠂ ᠣᠷᠴᠢᠨ ᠦᠶ᠎ᠡ ᠢᠢᠨ ᠻᠢᠨᠣ᠋ ᠢᠢᠨ ᠲᠣᠨᠤᠭ ᠲᠥᠬᠦᠭᠡᠷᠦᠮᠵᠢ ᠢᠢᠨ ᠬᠤᠳᠠᠯᠳᠤᠨ ᠠᠪᠤᠯᠲᠠ᠂ ᠲᠦᠷᠢᠶᠡᠰᠦ᠂ ᠠᠷᠠᠴᠢᠯᠠᠭᠠᠨ ᠤ ᠲᠠᠯ᠎ᠠ ᠪᠠᠷ ᠲᠤᠷᠰᠢᠯᠭ᠎ᠠ ᠰᠣᠯᠢᠯᠴᠠᠨ᠎ᠠ᠃
• «ᠮᠣᠩ᠋ᠭᠤᠯ ᠤᠯᠤᠰ ᠤᠨ ᠶᠡᠬᠡ ᠰᠤᠷᠭᠠᠭᠤᠯᠢ ᠪᠣᠯᠤᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠶᠠᠭᠧᠯᠯᠣᠨ ᠤ ᠶᠡᠬᠡ ᠰᠤᠷᠭᠠᠭᠤᠯᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠶᠡᠬᠡ ᠰᠤᠷᠭᠠᠭᠤᠯᠢ ᠢᠢᠨ ᠷᠧᠻᠲ᠋ᠣᠷ ᠪᠠᠶᠠᠨᠵᠢᠷᠭᠠᠯ ᠤᠨ ᠸᠴᠢᠷᠬᠤᠶᠠᠭ᠂ ᠫᠣᠯᠠᠨ᠋ᠳ᠋ ᠤᠨ ᠲᠠᠯ᠎ᠠ ᠠᠴᠠ ᠶᠠᠭᠧᠯᠯᠣᠨ ᠤ ᠶᠡᠬᠡ ᠰᠤᠷᠭᠠᠭᠤᠯᠢ ᠢᠢᠨ ᠷᠧᠻᠲ᠋ᠣᠷ ᠫᠢᠶᠣᠲ᠋ᠷ ᠶᠧᠳᠢᠨᠠᠻ ᠨᠠᠷ ᠭᠠᠷ ᠤᠨ ᠦᠰᠦᠭ ᠵᠢᠷᠤᠯ᠎ᠠ᠃
ᠡᠷᠳᠡᠮᠲᠡᠨ᠂ ᠰᠤᠳᠤᠯᠤᠭᠠᠴᠢᠳ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠵᠦ᠂ ᠣᠯᠠᠨ ᠤᠯᠤᠰ ᠤᠨ ᠲᠥᠪᠰᠢᠨ ᠳᠥ ᠥᠷᠢᠰᠦᠯᠳᠦᠬᠦ ᠰᠤᠳᠤᠯᠭ᠎ᠠ ᠬᠢᠬᠦ ᠪᠣᠯᠤᠮᠵᠢ ᠪᠦᠷᠢᠳᠦᠨ᠎ᠡ᠃ ᠣᠶᠤᠲᠠᠨ᠂ ᠪᠠᠭᠰᠢ ᠨᠠᠷ ᠤᠨ ᠰᠣᠯᠢᠯᠴᠠᠭ᠎ᠠ ᠪᠠᠷ ᠳᠠᠮᠵᠢᠭᠤᠯᠤᠨ ᠰᠣᠶᠤᠯ ᠤᠨ ᠬᠠᠷᠢᠯᠴᠠᠭ᠎ᠠ ᠢᠢ ᠭᠦᠨᠵᠡᠭᠡᠢᠢᠷᠡᠭᠦᠯᠵᠦ᠂ ᠪᠣᠯᠪᠠᠰᠤᠷᠠᠯ ᠤᠨ ᠰᠠᠯᠪᠤᠷᠢ ᠢᠢᠨ ᠣᠯᠠᠨ ᠤᠯᠤᠰ ᠤᠨ ᠲᠤᠷᠰᠢᠯᠭ᠎ᠠ ᠢᠢ ᠨᠡᠪᠲᠡᠷᠡᠭᠦᠯᠬᠦ ᠳᠥ ᠬᠤᠪᠢ ᠨᠡᠮᠡᠷᠢ ᠣᠷᠤᠭᠤᠯᠤᠨ᠎ᠠ᠃ ᠵᠠᠯᠠᠭᠤ ᠰᠤᠳᠤᠯᠤᠭᠠᠴᠢᠳ ᠧᠦ᠋ᠷᠣᠫᠠ ᠢᠢᠨ ᠰᠠᠩᠬᠦᠵᠢᠯᠲᠡ ᠲᠡᠢ ᠲᠡᠳᠬᠦᠯᠭᠡ᠂ ᠰᠤᠳᠤᠯᠭᠠᠨ ᠤ ᠬᠥᠲᠦᠯᠪᠦᠷᠢ ᠨᠦᠭᠦᠳ ᠲᠥ ᠬᠠᠮᠤᠷᠤᠭᠳᠠᠬᠤ᠂ ᠮᠣᠩ᠋ᠭᠤᠯ ᠣᠶᠤᠲᠠᠨ ᠨᠤᠭᠤᠳ ᠫᠣᠯᠠᠨ᠋ᠳ᠋ ᠲᠤ ᠰᠤᠷᠤᠯᠴᠠᠬᠤ᠂ ᠰᠤᠳᠤᠯᠭ᠎ᠠ ᠬᠢᠬᠦ᠂ ᠲᠡᠳᠬᠦᠯᠭᠡ ᠳᠥ ᠬᠠᠮᠤᠷᠤᠭᠳᠠᠬᠤ ᠪᠣᠯᠤᠮᠵᠢ ᠪᠦᠷᠢᠳᠦᠯ᠎ᠡ᠃
• «ᠮᠣᠩ᠋ᠭᠤᠯ ᠤᠯᠤᠰ ᠤᠨ ᠻᠣᠨ᠋ᠰᠧᠷᠸᠠᠲ᠋ᠣᠷᠢ ᠪᠣᠯᠤᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠹᠷᠧ᠊·ᠱᠣᠫᠧᠨ ᠤ ᠨᠡᠷᠡᠮᠵᠢᠲᠦ ᠬᠥᠭ᠍ᠵᠢᠮ ᠦᠨ ᠶᠡᠬᠡ ᠰᠤᠷᠭᠠᠭᠤᠯᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠻᠣᠨ᠋ᠰᠧᠷᠸᠠᠲ᠋ᠣᠷᠢ ᠢᠢᠨ ᠷᠧᠻᠲ᠋ᠣᠷ ᠴᠡᠷᠢᠩᠵᠢᠭᠮᠢᠳ ᠦᠨ ᠰᠢᠷᠠᠪᠴᠡᠷᠢᠩ᠂ ᠫᠣᠯᠠᠨ᠋ᠳ᠋ ᠤᠨ ᠲᠠᠯ᠎ᠠ ᠠᠴᠠ ᠹᠷᠧ᠊·ᠱᠣᠫᠧᠨ ᠤ ᠨᠡᠷᠡᠮᠵᠢᠲᠦ ᠬᠥᠭ᠍ᠵᠢᠮ ᠦᠨ ᠶᠡᠬᠡ ᠰᠤᠷᠭᠠᠭᠤᠯᠢ ᠢᠢᠨ ᠷᠧᠻᠲ᠋ᠣᠷ ᠲᠣᠮᠠᠱ ᠱᠲ᠋ᠷᠠᠯ ᠨᠠᠷ ᠭᠠᠷ ᠤᠨ ᠦᠰᠦᠭ ᠵᠢᠷᠤᠯ᠎ᠠ᠃
ᠮᠣᠩ᠋ᠭᠤᠯ ᠤᠯᠤᠰ ᠤᠨ ᠻᠣᠨ᠋ᠰᠧᠷᠸᠠᠲ᠋ᠣᠷᠢ 2011 ᠣᠨ ᠠᠴᠠ ᠫᠣᠯᠠᠨ᠋ᠳ᠋ ᠤᠨ ᠬᠥᠭ᠍ᠵᠢᠮ ᠦᠨ ᠵᠣᠬᠢᠶᠠᠯᠴᠢ ᠹᠷᠧ᠊·ᠱᠣᠫᠧᠨ ᠤ ᠨᠡᠷᠡᠮᠵᠢᠲᠦ ᠣᠯᠠᠨ ᠤᠯᠤᠰ ᠤᠨ ᠲᠡᠭᠦᠯᠳᠡᠷ ᠬᠤᠭᠤᠷᠴᠢᠳ ᠤᠨ ᠤᠷᠤᠯᠳᠤᠭᠠᠨ ᠢ ᠲᠤᠰ ᠤᠯᠤᠰ ᠤᠨ ᠡᠯᠴᠢᠨ ᠰᠠᠢᠢᠳ ᠤᠨ ᠶᠠᠮᠤ ᠲᠠᠢ ᠬᠠᠮᠲᠤᠷᠠᠨ ᠳᠥᠷᠪᠡᠨ ᠤᠳᠠᠭ᠎ᠠ ᠵᠣᠬᠢᠶᠠᠨ ᠪᠠᠢᠢᠭᠤᠯᠤᠭᠰᠠᠨ᠃ ᠴᠢᠨᠠᠭᠰᠢᠳᠠ ᠮᠣᠩ᠋ᠭᠤᠯ ᠤᠨ ᠦᠨᠳᠦᠰᠦᠨ ᠦ ᠪᠣᠯᠤᠨ ᠰᠢᠨ᠎ᠡ ᠬᠥᠭ᠍ᠵᠢᠮ ᠦᠨ ᠪᠦᠲᠦᠭᠡᠯ ᠦᠳ ᠢ ᠰᠤᠷᠲᠠᠯᠴᠢᠯᠠᠬᠤ᠂ ᠤᠷᠠᠨ ᠪᠦᠲᠦᠭᠡᠯ ᠦᠨ ᠡᠮᠬᠢᠳᠬᠡᠯ᠂ ᠨᠣᠲ᠂ ᠫᠠᠷᠲ᠋ᠢᠲ᠋ᠦ᠋ᠷ ᠵᠡᠷᠭᠡ ᠢᠢ ᠲᠤᠰ ᠰᠤᠷᠭᠠᠭᠤᠯᠢ ᠳᠤ ᠲᠣᠭᠯᠠᠬᠤ ᠵᠡᠷᠭᠡ ᠪᠡᠷ ᠬᠠᠮᠲᠤᠷᠠᠨ᠎ᠠ᠃
• «ᠮᠣᠩ᠋ᠭᠤᠯ ᠤᠯᠤᠰ ᠤᠨ ᠻᠣᠨ᠋ᠰᠧᠷᠸᠠᠲ᠋ᠣᠷᠢ ᠪᠣᠯᠤᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠻᠠ᠊·ᠱᠢᠮᠠᠨᠣᠸᠰᠻᠢ ᠢᠢᠨ ᠨᠡᠷᠡᠮᠵᠢᠲᠦ ᠬᠥᠭ᠍ᠵᠢᠮ ᠦᠨ ᠶᠡᠬᠡ ᠰᠤᠷᠭᠠᠭᠤᠯᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ ᠮᠣᠩ᠋ᠭᠤᠯ ᠤᠯᠤᠰ ᠤᠨ ᠻᠣᠨ᠋ᠰᠧᠷᠸᠠᠲ᠋ᠣᠷᠢ ᠢᠢᠨ ᠷᠧᠻᠲ᠋ᠣᠷ ᠴᠡᠷᠢᠩᠵᠢᠭᠮᠢᠳ ᠦᠨ ᠰᠢᠷᠠᠪᠴᠡᠷᠢᠩ᠂ ᠫᠣᠯᠠᠨ᠋ᠳ᠋ ᠤᠨ ᠲᠠᠯ᠎ᠠ ᠠᠴᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠻᠱᠢᠱᠲ᠋ᠣᠹ ᠪᠣᠢᠢᠻᠣ ᠨᠠᠷ ᠭᠠᠷ ᠤᠨ ᠦᠰᠦᠭ ᠵᠢᠷᠤᠯ᠎ᠠ᠃
ᠪᠠᠭᠰᠢ᠂ ᠣᠶᠤᠲᠠᠨ ᠰᠣᠯᠢᠯᠴᠠᠬᠤ᠂ ᠬᠠᠮᠲᠤᠷᠠᠭᠰᠠᠨ ᠤᠷᠠᠨ ᠪᠦᠲᠦᠭᠡᠯ ᠲᠤᠭᠤᠷᠪᠢᠬᠤ᠂ ᠬᠥᠭ᠍ᠵᠢᠮ ᠦᠨ ᠵᠣᠬᠢᠶᠠᠯᠴᠢᠳ ᠤᠨ ᠪᠦᠲᠦᠭᠡᠯ ᠢ ᠰᠣᠯᠢᠯᠴᠠᠬᠤ᠂ ᠡᠷᠳᠡᠮᠲᠡᠨ ᠪᠠᠭᠰᠢ ᠨᠠᠷ ᠤᠨ ᠬᠠᠮᠲᠤᠷᠠᠭᠰᠠᠨ ᠲᠥᠰᠦᠯ ᠬᠡᠷᠡᠭᠵᠢᠭᠦᠯᠬᠦ᠂ ᠡᠷᠳᠡᠮ ᠰᠢᠨᠵᠢᠯᠡᠭᠡ ᠰᠤᠳᠤᠯᠭᠠᠨ ᠤ ᠪᠠᠭ᠎ᠠ ᠬᠤᠷᠠᠯ ᠵᠣᠬᠢᠶᠠᠨ ᠪᠠᠢᠢᠭᠤᠯᠬᠤ ᠵᠡᠷᠭᠡ ᠴᠢᠭᠯᠡᠯ ᠢᠶᠡᠷ ᠬᠠᠮᠲᠤᠷᠠᠨ ᠠᠵᠢᠯᠯᠠᠨ᠎ᠠ᠃
• «ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠲᠥᠪ ᠠᠢᠢᠮᠠᠭ᠂ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠤᠨ ᠮᠠᠽᠣᠸᠧᠼᠻᠢ ᠮᠤᠵᠢ ᠬᠣᠭᠤᠷᠤᠨᠳᠤ ᠢᠢᠨ ᠬᠡᠯᠡᠯᠴᠡᠭᠡᠷ» ᠲ᠋ᠥ ᠮᠣᠩ᠋ᠭᠤᠯ ᠤᠯᠤᠰ ᠤᠨ ᠲᠥᠪ ᠠᠢᠢᠮᠠᠭ ᠤᠨ ᠵᠠᠰᠠᠭ ᠳᠠᠷᠤᠭ᠎ᠠ ᡀᠠᠭᠪᠠᠰᠦ᠋ᠷᠦᠩ ᠦᠨ ᠲᠡᠮᠦᠷᠴᠢᠳᠦᠷ᠂ ᠫᠣᠯᠠᠨ᠋ᠳ᠋ ᠤᠨ ᠲᠠᠯ᠎ᠠ ᠠᠴᠠ ᠮᠠᠽᠣᠸᠧᠼᠻᠢ ᠮᠤᠵᠢ ᠢᠢᠨ ᠤᠳᠤᠷᠢᠳᠬᠤ ᠵᠥᠪᠯᠡᠯ ᠦᠨ ᠭᠡᠰᠢᠭᠦᠨ ᠶᠠᠨᠢᠨᠠ ᠣᠷᠽᠧᠯᠣᠸᠰᠻᠠ ᠨᠠᠷ ᠭᠠᠷ ᠤᠨ ᠦᠰᠦᠭ ᠵᠢᠷᠤᠯ᠎ᠠ᠃
ᠣᠶᠤᠲᠠᠨ᠂ ᠪᠠᠭᠰᠢ᠂ ᠰᠤᠳᠤᠯᠤᠭᠠᠴᠢᠳ ᠤᠨ ᠰᠣᠯᠢᠯᠴᠠᠭᠠᠨ ᠤ ᠬᠥᠲᠦᠯᠪᠦᠷᠢ ᠬᠡᠷᠡᠭᠵᠢᠭᠦᠯᠬᠦ᠂ ᠰᠣᠶᠤᠯ ᠤᠨ ᠠᠷᠭ᠎ᠠ ᠬᠡᠮᠵᠢᠶ᠎ᠡ ᠵᠣᠬᠢᠶᠠᠨ ᠪᠠᠢᠢᠭᠤᠯᠬᠤ᠂ ᠬᠥᠷᠦᠩ᠋ᠭᠡ ᠣᠷᠤᠭᠤᠯᠤᠯᠲᠠ᠂ ᠣᠷᠤᠨ ᠨᠤᠲᠤᠭ ᠤᠨ ᠦᠢᠯᠡᠳᠪᠦᠷᠢᠯᠡᠭᠴᠢᠳ ᠢ ᠳᠡᠮᠵᠢᠬᠦ ᠴᠢᠭᠯᠡᠯ ᠢᠶᠡᠷ ᠬᠠᠷᠢᠯᠴᠠᠨ ᠲᠤᠷᠰᠢᠯᠭ᠎ᠠ ᠰᠣᠯᠢᠯᠴᠠᠬᠤ᠂ ᠬᠥᠳᠡᠭᠡ ᠠᠵᠤ ᠠᠬᠤᠶ᠂ ᠲ᠋ᠧᠭᠨᠣᠯᠤᠭᠢ᠂ ᠠᠶᠠᠯᠠᠯ ᠵᠢᠭᠤᠯᠴᠢᠯᠠᠯ ᠤᠨ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠎ᠡ᠃













