ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠬᠣᠶᠠᠷ ᠣᠷᠤᠨ ᠤ ᠶᠡᠷᠦᠩᠬᠡᠢᠢᠯᠡᠭᠴᠢ ᠠᠯᠪᠠᠨ ᠶᠣᠰᠤᠨ ᠤ ᠬᠡᠯᠡᠯᠴᠡᠭᠡᠨ ᠦ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠮᠡᠳᠡᠭᠡᠯᠡᠯ ᠥᠭ᠍ᠭᠦᠯ ᠡ᠃
ᠬᠡᠯᠡᠯᠴᠡᠭᠡ ᠦᠷ᠎ᠡ ᠳ᠋ᠦᠩ ᠲᠡᠢ᠂ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠠᠴᠢ ᠬᠣᠯᠪᠤᠭᠳᠠᠯ ᠲᠠᠢ ᠪᠣᠯᠤᠭᠰᠠᠨ ᠭᠡᠳᠡᠭ ᠢ ᠲᠥᠷᠦ ᠢᠢᠨ ᠲᠡᠷᠢᠭᠦᠨ ᠨᠠᠷ ᠲᠡᠮᠳᠡᠭᠯᠡᠪᠡ᠃
ᠲᠥᠷᠦ ᠢᠢᠨ ᠠᠢᠢᠯᠴᠢᠯᠠᠯ ᠢᠶᠠᠷ ᠬᠠᠷᠢᠯᠴᠠᠭᠠᠨ ᠤ ᠲᠥᠪᠰᠢᠨ ᠢ ᠱᠠᠲᠤ ᠠᠬᠢᠭᠤᠯᠵᠤ᠂ «ᠢᠵᠢ ᠪᠦᠷᠢᠨ ᠲᠦᠩᠰᠢᠯᠡᠯ» ᠳ᠋ᠥ ᠬᠦᠷᠭᠡᠭ᠍ᠰᠡᠨ ᠨᠢ ᠬᠠᠷᠢᠯᠴᠠᠭᠠᠨ ᠤ ᠲᠡᠦᠬᠡ ᠢᠢᠨ ᠨᠢᠭᠡᠨ ᠰᠢᠨ᠎ᠡ ᠬᠠᠭᠤᠳᠠᠰᠤ ᠢᠢ ᠨᠡᠭᠡᠭᠡᠭ᠍ᠰᠡᠨ ᠣᠨᠴᠤᠭᠤᠶ ᠦᠢᠯᠡ ᠶᠠᠪᠤᠳᠠᠯ ᠭᠡᠳᠡᠭ ᠢ ᠣᠨᠴᠠᠯᠠᠯ᠎ᠠ᠃

ᠬᠡᠯᠡᠯᠴᠡᠭᠡᠨ ᠦ ᠦᠶ᠎ᠡ ᠪᠡᠷ ᠥᠩ᠋ᠭᠡᠷᠡᠭᠰᠡᠨ 75 ᠵᠢᠯ ᠦᠨ ᠣᠯᠤᠯᠲᠠ ᠠᠮᠵᠢᠯᠲᠠ ᠪᠠᠨ ᠳ᠋ᠦᠩᠨᠡᠵᠦ᠂ ᠢᠷᠡᠬᠦ ᠵᠢᠯ ᠦᠳ ᠦᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠵᠠᠮ ᠤᠨ ᠵᠢᠷᠤᠭᠯᠠᠯ ᠢᠢᠠᠨ ᠲᠣᠳᠤᠷᠬᠠᠶ ᠪᠣᠯᠭᠠᠯ᠎ᠠ᠃
ᠴᠢᠨᠠᠭᠰᠢᠳᠠ ᠬᠤᠳᠠᠯᠳᠤᠭ᠎ᠠ᠂ ᠡᠳ᠋ ᠦᠨ ᠵᠠᠰᠠᠭ᠂ ᠬᠥᠷᠦᠩ᠋ᠭᠡ ᠣᠷᠤᠭᠤᠯᠤᠯᠲᠠ ᠢᠢ ᠨᠡᠮᠡᠭᠳᠡᠭᠦᠯᠵᠦ᠂ ᠠᠭᠤᠯᠠ ᠠᠭᠤᠷᠬᠠᠶ᠂ ᠭᠧᠣᠯᠤᠭᠢ᠂ ᠳᠡᠳ᠋ ᠪᠦᠲᠦᠴᠡ᠂ ᠲᠡᠭᠡᠭᠡᠪᠦᠷᠢ ᠯᠣᠵᠢᠰᠲ᠋ᠢᠭ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠠᠷᠬᠧᠣᠯᠤᠭᠢ᠂ ᠡᠷᠡᠭᠦᠯ ᠮᠡᠨᠳᠦ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠡᠷ ᠪᠣᠯᠪᠠ᠃
ᠫᠣᠯᠠᠨ᠋ᠳ᠋ ᠢᠢᠨ ᠲᠠᠯ᠎ᠠ «ᠰᠢᠨ᠎ᠡ ᠬᠠᠷᠠᠬᠣᠷᠤᠮ» ᠬᠣᠲᠠ᠂ ᠬᠦᠨᠳᠦ ᠦᠢᠯᠡᠳᠪᠦᠷᠢᠯᠡᠯ᠂ ᠨᠡᠢᠢᠲᠡ ᠢᠢᠨ ᠲᠡᠭᠡᠭᠡᠪᠦᠷᠢ᠂ ᠴᠡᠪᠡᠷᠯᠡᠬᠦ ᠪᠠᠢᠢᠭᠤᠯᠤᠮᠵᠢ ᠵᠡᠷᠭᠡ ᠲᠣᠮᠣᠬᠠᠨ ᠪᠦᠲᠦᠭᠡᠨ ᠪᠠᠢᠢᠭᠤᠯᠤᠯᠲᠠ ᠳᠤ ᠬᠥᠷᠦᠩ᠋ᠭᠡ ᠣᠷᠤᠭᠤᠯᠵᠤ᠂ ᠬᠠᠮᠲᠤᠷᠠᠨ ᠠᠵᠢᠯᠯᠠᠬᠤ ᠰᠣᠨᠢᠷᠬᠠᠯ ᠢᠢᠠᠨ ᠢᠯᠡᠷᠬᠡᠢᠢᠯᠡᠪᠡ᠃
ᠢᠯᠠᠩ᠋ᠭᠤᠶ᠎ᠠ ᠬᠦᠨᠡᠰᠦ᠂ ᠬᠥᠳᠡᠭᠡ ᠠᠵᠤ ᠠᠬᠤᠶ᠂ ᠪᠣᠯᠪᠠᠰᠤᠷᠠᠭᠤᠯᠬᠤ ᠦᠢᠯᠡᠳᠪᠦᠷᠢᠯᠡᠯ ᠦᠨ ᠰᠠᠯᠪᠤᠷᠢ ᠳᠤ ᠫᠣᠯᠠᠨ᠋ᠳ᠋ ᠢᠢᠨ ᠲᠠᠯ᠎ᠠ ᠳᠡᠪᠰᠢᠯᠲᠡᠲᠦ ᠲᠧᠭᠨᠢᠭ᠂ ᠲ᠋ᠧᠭᠨᠣᠯᠤᠭᠢ᠂ ᠢᠨ᠋᠊ᠨᠣᠸᠠᠼ ᠨᠡᠪᠲᠡᠷᠡᠭᠦᠯᠵᠦ᠂ ᠮᠡᠷᠭᠡᠵᠢᠯᠲᠡᠨ ᠨᠦᠭᠦᠳ ᠪᠡᠯᠡᠳᠬᠡᠨ᠂ ᠲᠤᠷᠰᠢᠯᠭ᠎ᠠ ᠪᠠᠨ ᠬᠤᠪᠢᠶᠠᠯᠴᠠᠨ᠎ᠠ᠃ ᠮᠥᠨ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠢ ᠫᠣᠯᠠᠨ᠋ᠳ᠋ ᠢᠢᠨ «ᠨᠣᠭᠤᠭᠠᠨ ᠬᠣᠲᠠ» ᠬᠥᠲᠦᠯᠪᠦᠷᠢ ᠲᠡᠢ ᠤᠶᠠᠯᠳᠤᠭᠤᠯᠬᠤ ᠪᠠᠷ ᠲᠣᠭᠲᠠᠯ᠎ᠠ᠃
«ᠮᠣᠩ᠋ᠭᠤᠯ ᠪᠣᠯ ᠵᠢᠩᠬᠢᠨᠢ ᠠᠷᠠᠳᠴᠢᠯᠠᠭᠰᠠᠨ᠂ ᠪᠠᠰᠠ ᠢᠷᠡᠭᠡᠳᠦᠶ ᠲᠡᠢ ᠣᠷᠤᠨ» ᠭᠡᠵᠦ ᠶᠡᠷᠦᠩᠬᠡᠢᠢᠯᠡᠭᠴᠢ ᠠᠨ᠋ᠳ᠋ᠵᠧᠢ ᠳ᠋ᠦᠳᠠ ᠣᠨᠴᠠᠯᠠᠨ ᠲᠡᠮᠳᠡᠭᠯᠡᠪᠡ᠃
ᠠᠯᠪᠠᠨ ᠶᠣᠰᠤᠨ ᠤ ᠬᠡᠯᠡᠯᠴᠡᠭᠡ᠂ ᠬᠠᠷᠢᠯᠴᠠᠨ ᠲᠣᠬᠢᠷᠠᠯᠴᠠᠭᠰᠠᠨ ᠵᠦᠢᠯᠡᠰ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠰᠢᠨ᠎ᠡ ᠲᠥᠪᠰᠢᠨ ᠳᠥ ᠭᠠᠷᠭᠠᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠲᠥᠷᠦ ᠢᠢᠨ ᠲᠡᠷᠢᠭᠦᠨ ᠨᠠᠷ ᠢᠯᠡᠷᠬᠡᠢᠢᠯᠡᠯ᠎ᠡ᠃
