ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ «ᠮᠣᠷᠢᠨ ᠬᠤᠭᠤᠷ ᠤᠨ ᠡᠭᠦᠰᠦᠯ᠂ ᠬᠥᠭ᠍ᠵᠢᠯ᠂ ᠥᠪ ᠰᠣᠶᠤᠯ» ᠰᠡᠳᠦᠪ ᠲᠥ ᠡᠷᠳᠡᠮᠲᠦ ᠰᠢᠨᠵᠢᠯᠡᠭᠡᠨ ᠦ ᠬᠤᠷᠠᠯ ᠲᠥᠷᠦ ᠢᠢᠨ ᠣᠷᠳᠣᠨ ᠤ «ᠴᠢᠩᠬᠢᠰ ᠬᠠᠭᠠᠨ» ᠲᠠᠩᠬᠢᠮ ᠳᠤ ᠪᠣᠯᠤᠯ᠎ᠠ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠭᠣ·ᠽᠠᠨᠳᠠᠨᠰᠢᠲᠠᠷ ᠠ ᠡᠷᠳᠡᠮ ᠰᠢᠨᠵᠢᠯᠡᠭᠡᠨ ᠦ ᠬᠤᠷᠠᠯ ᠢ ᠨᠡᠭᠡᠭᠡᠵᠦ ᠬᠡᠯᠡᠭᠰᠡᠨ ᠦᠭᠡᠨ ᠳᠥ ᠪᠡᠨ᠂ ᠮᠣᠷᠢᠨ ᠬᠤᠭᠤᠷ ᠪᠣᠯ ᠬᠦᠮᠦᠨ ᠲᠥᠷᠦᠯᠬᠢᠲᠡᠨ ᠦ ᠰᠣᠶᠤᠯ ᠤᠨ ᠨᠠᠨᠳᠢᠨ ᠥᠪ᠂ ᠮᠣᠩ᠋ᠭᠤᠯ ᠦᠨᠳᠦᠰᠦᠲᠡᠨ ᠦ ᠬᠥᠭ᠍ᠵᠢᠮ ᠦᠨ ᠤᠷᠠᠯᠢᠭ ᠤᠨ ᠨᠣᠶᠠᠨ ᠣᠷᠭᠢᠯ᠂ ᠮᠣᠩ᠋ᠭᠤᠯᠴᠤᠳ ᠤᠨ ᠠᠬᠤᠶ᠂ ᠰᠡᠳᠬᠢᠯᠭᠡᠨ ᠦ ᠣᠨᠴᠠᠯᠢᠭ ᠢ ᠪᠦᠷᠢᠨ ᠢᠯᠡᠷᠬᠡᠢᠢᠯᠡᠳᠡᠭ ᠬᠥᠭ᠍ᠵᠢᠮ ᠦᠨ ᠵᠢᠮᠰᠡᠭ ᠭᠡᠳᠡᠭ ᠢ ᠲᠡᠮᠳᠡᠭᠯᠡᠪᠡ᠃
ᠮᠣᠷᠢᠨ ᠬᠤᠭᠤᠷ ᠨᠢ ᠡᠭᠦᠰᠦᠭᠰᠡᠨ ᠴᠠᠭ ᠠᠴᠠ ᠪᠠᠨ ᠡᠬᠢᠯᠡᠨ ᠮᠣᠩ᠋ᠭᠤᠯᠴᠤᠳ ᠤᠨ ᠳᠠᠭᠤᠤ ᠬᠤᠭᠤᠷ᠂ ᠪᠦᠵᠢᠭ᠌ ᠨᠠᠭᠠᠳᠤᠮ᠂ ᠠᠷᠠᠳ ᠤᠨ ᠪᠠᠶᠠᠷ ᠴᠡᠩ᠋ᠭᠡᠯ ᠳᠥ ᠭᠣᠣᠯᠯᠠᠬᠤ ᠪᠠᠢᠢᠷᠢ ᠢᠢ ᠡᠵᠡᠯᠡᠵᠦ ᠢᠷᠡᠭᠰᠡᠨ ᠪᠥᠭᠡᠳ ᠮᠣᠩ᠋ᠭᠤᠯ ᠠᠷᠠᠳ ᠤᠨ ᠤᠷᠲᠤ ᠢᠢᠨ ᠳᠠᠭᠤᠤ᠂ ᠦᠯᠢᠭᠡᠷ ᠲᠤᠤᠯᠢ᠂ ᠠᠷᠠᠳ ᠤᠨ ᠪᠢᠢ ᠪᠡᠶᠡᠯᠡᠭᠡ ᠢᠢ ᠮᠣᠷᠢᠨ ᠬᠤᠭᠤᠷ ᠦᠭᠡᠢ ᠪᠡᠷ ᠲᠥᠰᠦᠭᠡᠯᠡᠬᠦ ᠢᠢᠨ ᠠᠷᠭ᠎ᠠ ᠦᠭᠡᠢ ᠪᠠᠢᠢᠳᠠᠭ ᠨᠢ ᠡᠭᠦᠨ ᠦ ᠨᠣᠲᠠᠯᠠᠭ᠎ᠠ ᠮᠥᠨ ᠬᠡᠮᠡᠨ ᠣᠨᠴᠠᠯᠠᠯ᠎ᠠ᠃
ᠡᠢᠢᠮᠦ ᠳᠥ ᠮᠣᠩ᠋ᠭᠤᠯ ᠦᠨᠳᠦᠰᠦᠲᠡᠨ ᠦ ᠬᠥᠭ᠍ᠵᠢᠮ ᠦᠨ ᠵᠢᠮᠰᠡᠭ᠂ ᠮᠣᠷᠢᠨ ᠬᠤᠭᠤᠷ ᠢ ᠤᠯᠠᠮᠵᠢᠯᠠᠨ ᠬᠥᠭ᠍ᠵᠢᠭᠦᠯᠬᠦ ᠳᠥ ᠲᠥᠷᠦ ᠵᠠᠰᠠᠭ ᠠᠴᠠ ᠠᠩᠬᠠᠷᠴᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ 2002 ᠣᠨ ᠤ 8 ᠳ᠋ᠤᠭᠠᠷ ᠰᠠᠷ᠎ᠠ ᠢᠢᠨ 27 ᠤ ᠡᠳᠦᠷ ᠦᠨ 183 ᠳ᠋ᠤᠭᠠᠷ ᠵᠠᠷᠯᠢᠭ ᠢᠶᠠᠷ ᠮᠣᠷᠢᠨ ᠬᠤᠭᠤᠷ ᠢ «ᠦᠨᠳᠦᠰᠦᠨ ᠦ ᠬᠥᠭ᠍ᠵᠢᠮ ᠦᠨ ᠵᠢᠮᠰᠡᠭ» ᠪᠣᠯᠬᠤ ᠢᠢ ᠵᠠᠷᠯᠠᠵᠤ᠂ ᠤᠯᠠᠮ ᠢᠶᠠᠷ 2008 ᠣᠨ ᠤ 11 ᠊ᠳ᠋ᠦᠭᠡᠷ ᠰᠠᠷ᠎ᠠ ᠳᠤ «ᠤᠯᠠᠮᠵᠢᠯᠠᠯᠲᠤ ᠮᠣᠷᠢᠨ ᠬᠤᠭᠤᠷ ᠬᠥᠭ᠍ᠵᠢᠮ ᠦᠨ ᠤᠷᠠᠯᠢᠭ» ᠨᠢ ᠶᠦ᠋ᠨᠧᠰᠻᠣ᠋ ᠢᠢᠨ ᠬᠦᠮᠦᠨ ᠲᠥᠷᠦᠯᠬᠢᠲᠡᠨ ᠦ ᠰᠣᠶᠤᠯ ᠤᠨ ᠪᠡᠶᠡᠳᠦ ᠪᠤᠰᠤ ᠥᠪ ᠦᠨ ᠲᠥᠯᠦᠭᠡᠯᠡᠯ ᠦᠨ ᠵᠢᠭ᠌ᠰᠠᠭᠠᠯᠲᠠ ᠳᠤ ᠪᠦᠷᠢᠳᠬᠡᠭ᠍ᠳᠡᠭᠰᠡᠨ ᠶᠤᠮ᠃


ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ 2024 ᠣᠨ ᠤ 02 ᠳ᠋ᠤᠭᠠᠷ ᠰᠠᠷ᠎ᠠ ᠢᠢᠨ 01 ᠦ ᠡᠳᠦᠷ «ᠮᠣᠷᠢᠨ ᠬᠤᠭᠤᠷ ᠢ ᠡᠷᠬᠢᠮᠯᠡᠨ ᠳᠡᠭᠡᠳᠦᠯᠵᠦ᠂ ᠲᠦᠭᠡᠭᠡᠨ ᠳᠡᠯᠭᠡᠷᠡᠭᠦᠯᠬᠦ ᠲᠤᠬᠠᠶ» ᠵᠠᠷᠯᠢᠭ ᠭᠠᠷᠭᠠᠵᠤ᠂
• ᠶᠡᠷᠦᠩᠬᠡᠶ ᠪᠣᠯᠪᠠᠰᠤᠷᠠᠯ ᠤᠨ ᠰᠤᠷᠭᠠᠭᠤᠯᠢ᠂ ᠳᠣᠲᠤᠭᠠᠳᠤ ᠭᠠᠳᠠᠭᠠᠳᠤ ᠳ᠋ᠠᠬᠢ ᠰᠣᠶᠤᠯ ᠤᠨ ᠲᠥᠪ ᠦᠳ ᠲᠥ ᠮᠣᠷᠢᠨ ᠬᠤᠭᠤᠷ ᠤᠨ ᠰᠤᠷᠭᠠᠯᠲᠠ ᠢᠢᠨ ᠬᠥᠲᠦᠯᠪᠦᠷᠢ ᠢᠢ ᠬᠡᠷᠡᠭᠵᠢᠭᠦᠯᠬᠦ᠂
• ᠮᠣᠷᠢᠨ ᠬᠤᠭᠤᠷ ᠤᠨ ᠴᠢᠭᠤᠯᠭ᠎ᠠ ᠢᠢ ᠨᠠᠢᠢᠷᠠᠯ ᠬᠥᠭ᠍ᠵᠢᠮ ᠪᠣᠯᠭᠠᠨ ᠥᠷᠭᠡᠵᠢᠭᠦᠯᠬᠦ᠂ ᠮᠣᠷᠢᠨ ᠬᠤᠭᠤᠷ ᠬᠥᠭ᠍ᠵᠢᠮ ᠦᠨ ᠵᠢᠮᠰᠡᠭ ᠦᠨ ᠦᠢᠯᠡᠳᠪᠦᠷᠢᠯᠡᠯ ᠤᠷᠠᠯᠠᠯ ᠢ ᠳᠡᠮᠵᠢᠨ ᠬᠥᠭ᠍ᠵᠢᠭᠦᠯᠬᠦ᠂
• ᠮᠣᠩ᠋ᠭᠤᠯ ᠠᠢᠢᠯ ᠡᠷᠦᠬᠡ ᠪᠦᠷᠢ ᠮᠣᠷᠢᠨ ᠬᠤᠭᠤᠷ ᠢ ᠡᠭᠡᠰᠢᠭᠯᠡᠭᠦᠯᠦᠨ᠂ ᠦᠷ᠎ᠡ ᠬᠴᠢᠢᠼᠢ ᠳᠠᠭᠠᠨ ᠥᠪᠯᠡᠭᠦᠯᠦᠨ ᠰᠤᠷᠭᠠᠵᠤ᠂ ᠦᠨᠳᠦᠰᠦᠨ ᠦ ᠤᠷᠠᠯᠢᠭ᠂ ᠮᠣᠩ᠋ᠭᠤᠯ ᠥᠪ ᠰᠣᠶᠣᠯᠠ ᠲᠦᠭᠡᠭᠡᠨ ᠳᠡᠯᠭᠡᠷᠡᠭᠦᠯᠬᠦ ᠳᠥ ᠬᠤᠪᠢ ᠨᠡᠮᠡᠷᠢ ᠪᠡᠨ ᠣᠷᠤᠭᠤᠯᠬᠤ᠂
• ᠮᠣᠷᠢᠨ ᠬᠤᠭᠤᠷ ᠤᠨ ᠣᠯᠠᠨ ᠤᠯᠤᠰ ᠤᠨ ᠨᠠᠭᠠᠳᠤᠮ ᠢ ᠲᠣᠭᠲᠠᠮᠠᠯ ᠬᠤᠭᠤᠴᠠᠭᠠᠨ ᠳᠤ ᠵᠣᠬᠢᠶᠠᠨ ᠪᠠᠢᠢᠭᠤᠯᠵᠤ ᠪᠠᠢᠢᠬᠤ ᠲᠠᠯ᠎ᠠ ᠪᠠᠷ ᠴᠢᠭᠯᠡᠯ ᠥᠭ᠍ᠭᠦᠭ᠍ᠰᠡᠨ ᠪᠢᠯᠡ᠃
ᠲᠡᠭᠦᠨᠴᠢᠯᠡᠨ ᠮᠣᠷᠢᠨ ᠬᠤᠭᠤᠷ ᠢ ᠲᠦᠭᠡᠭᠡᠨ ᠳᠡᠯᠭᠡᠷᠡᠭᠦᠯᠬᠦ ᠦᠢᠯᠡ ᠬᠡᠷᠡᠭ ᠲᠥ ᠲᠤᠯᠭᠠᠮᠳᠠᠵᠤ ᠪᠤᠢ ᠠᠰᠠᠭᠤᠳᠠᠯ ᠤᠳ ᠢ ᠲᠣᠳᠤᠷᠬᠠᠢᠢᠯᠠᠬᠤ ᠪᠠᠷ 2024 ᠣᠨ ᠤ 05 ᠳ᠋ᠤᠭᠠᠷ ᠰᠠᠷ᠎ᠠ ᠳᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ «ᠮᠣᠷᠢᠨ ᠬᠤᠭᠤᠷ ᠤᠨ ᠠᠩᠬᠠᠳᠤᠭᠠᠷ ᠴᠢᠭᠤᠯᠭᠠᠨ» ᠢ ᠵᠣᠬᠢᠶᠠᠨ ᠪᠠᠢᠢᠭᠤᠯᠵᠤ᠂ ᠮᠣᠷᠢᠨ ᠬᠤᠭᠤᠷ ᠬᠥᠭ᠍ᠵᠢᠮ ᠢ ᠬᠥᠭ᠍ᠵᠢᠭᠦᠯᠬᠦ᠂ ᠵᠢᠭᠠᠵᠤ ᠰᠤᠷᠭᠠᠬᠤ᠂ ᠦᠢᠯᠡᠳᠪᠦᠷᠢᠯᠡᠬᠦ ᠬᠦᠮᠦᠨ ᠦ ᠨᠥᠭᠡᠴᠡ᠂ ᠮᠠᠲ᠋ᠧᠷᠢᠶᠠᠯ ᠪᠠᠭᠠᠵᠠ ᠢᠢ ᠨᠡᠮᠡᠭᠳᠡᠭᠦᠯᠬᠦ᠂ ᠰᠤᠳᠤᠯᠭ᠎ᠠ ᠰᠢᠨᠵᠢᠯᠡᠭᠡ ᠢᠢ ᠨᠢ ᠳᠡᠮᠵᠢᠨ ᠬᠥᠭ᠍ᠵᠢᠭᠦᠯᠬᠦ᠂ ᠣᠯᠠᠨ ᠨᠡᠢᠢᠲᠡ ᠳᠥ ᠰᠤᠷᠲᠠᠯᠴᠢᠯᠠᠬᠤ ᠵᠡᠷᠭᠡ ᠠᠵᠢᠯ ᠢ ᠬᠡᠷᠡᠭᠵᠢᠭᠦᠯᠬᠦ ᠲᠠᠯ᠎ᠠ ᠪᠠᠷ ᠲᠥᠷᠦ ᠢᠢᠨ ᠪᠣᠯᠤᠨ ᠲᠥᠷᠦ ᠢᠢᠨ ᠪᠤᠰᠤ ᠪᠠᠢᠢᠭᠤᠯᠤᠯᠭ᠎ᠠ ᠨᠤᠭᠤᠳ ᠬᠠᠮᠲᠤᠷᠠᠨ ᠠᠵᠢᠯᠯᠠᠵᠤ ᠡᠬᠢᠯᠡᠭᠡᠳ ᠪᠠᠢᠢᠭ᠎ᠠ ᠢᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠬᠡᠯᠡᠭᠰᠡᠨ ᠦᠭᠡᠨ ᠳᠥ ᠪᠡᠨ ᠳᠤᠷᠠᠳᠤᠯ᠎ᠠ᠃


ᠮᠣᠷᠢᠨ ᠬᠤᠭᠤᠷ ᠬᠥᠭ᠍ᠵᠢᠮ ᠢ ᠰᠤᠷᠲᠠᠯᠴᠢᠯᠠᠨ ᠲᠠᠨᠢᠭᠤᠯᠬᠤ᠂ ᠰᠤᠳᠤᠯᠤᠨ ᠰᠢᠨᠵᠢᠯᠡᠬᠦ ᠠᠵᠢᠯ ᠢ ᠡᠷᠴᠢᠮ ᠲᠡᠢ ᠦᠷᠭᠦᠯᠵᠢᠯᠡᠭᠦᠯᠬᠦ ᠳᠥ «ᠮᠣᠷᠢᠨ ᠬᠤᠭᠤᠷ ᠤᠨ ᠡᠭᠦᠰᠦᠯ᠂ ᠬᠥᠭ᠍ᠵᠢᠯ᠂ ᠥᠪ ᠰᠣᠶᠤᠯ» ᠰᠡᠳᠦᠪ ᠲᠥ ᠡᠷᠳᠡᠮ ᠰᠢᠨᠵᠢᠯᠡᠭᠡᠨ ᠦ ᠬᠤᠷᠠᠯ ᠪᠣᠳᠠᠲᠤ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠪᠡ᠃
ᠡᠷᠳᠡᠮ ᠰᠢᠨᠵᠢᠯᠡᠭᠡᠨ ᠦ ᠬᠤᠷᠠᠯ ᠢᠶᠠᠷ ᠠᠷᠠᠳ ᠤᠨ ᠪᠠᠭᠰᠢ᠂ ᠰᠣᠶᠤᠯ ᠤᠷᠠᠯᠢᠭ ᠤᠨ ᠶᠡᠬᠡ ᠰᠤᠷᠭᠠᠭᠤᠯᠢ ᠢᠢᠨ ᠵᠥᠪᠯᠡᠬᠦ ᠫᠷᠣᠹᠧᠰᠰᠤᠷ᠂ ᠳ᠋ᠣᠻᠲ᠋ᠤᠷ ᠰᠡ᠊·ᠳᠤᠯᠮ ᠠ ᠢᠢᠨ «ᠬᠤᠭᠤᠷᠴᠢ ᠪᠣᠯᠬᠤ ᠵᠠᠩ ᠦᠢᠯᠡ ᠢᠢᠨ ᠮᠧᠲ᠋ᠠ ᠳᠣᠮᠤᠭ ᠵᠦᠢ»᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠥᠪᠦᠷ ᠮᠣᠩ᠋ᠭᠤᠯ ᠤᠨ ᠥᠪᠡᠷ ᠲᠥ ᠪᠡᠨ ᠵᠠᠰᠠᠬᠤ ᠣᠷᠤᠨ ᠤ ᠤᠯᠤᠰ ᠤᠨ ᠳᠡᠰ ᠦᠨ ᠪᠣᠳᠠᠰ ᠤᠨ ᠪᠤᠰᠤ ᠰᠣᠶᠤᠯ ᠤᠨ ᠥᠪ ᠢ ᠥᠪᠯᠡᠨ ᠲᠡᠭᠡᠭᠡᠭ᠍ᠴᠢ᠂ ᠮᠣᠷᠢᠨ ᠬᠤᠭᠤᠷ ᠤᠨ ᠶᠡᠬᠡ ᠪᠠᠭᠰᠢ᠂ ᠰᠣᠶᠣᠨ ᠭᠡᠭᠡᠷᠡᠭᠦᠯᠦᠭᠴᠢ᠂ ᠰᠤᠷᠭᠠᠨ ᠬᠦᠮᠦᠵᠢᠭᠦᠯᠦᠭᠴᠢ ᠴᠢ ᠪᠤᠯᠠᠭ ᠤᠨ «ᠮᠣᠷᠢᠨ ᠬᠤᠭᠤᠷ ᠤᠨ ᠡᠭᠦᠰᠦᠯ᠂ ᠬᠥᠭ᠍ᠵᠢᠯ»᠂ ᠢᠷᠠᠭᠤ ᠨᠠᠢᠢᠷᠠᠭᠴᠢ᠂ ᠴᠢᠩᠬᠢᠰ ᠬᠠᠭᠠᠨ ᠣᠳᠤᠨᠲᠤ᠂ ᠮᠣᠩ᠋ᠭᠤᠯ ᠤᠯᠤᠰ ᠤᠨ ᠰᠣᠶᠤᠯ ᠤᠨ ᠭᠠᠪᠢᠶᠠᠲᠤ ᠵᠢᠳᠬᠦᠯᠲᠡᠨ ᠭ·ᠮᠡᠨᠳᠦ-ᠣᠣᠶ ᠠ ᠢᠢᠨ «ᠮᠣᠷᠢᠨ ᠬᠤᠭᠤᠷ-ᠮᠣᠩ᠋ᠭᠤᠯ ᠰᠣᠶᠤᠯ ᠤᠨ ᠣᠢ ᠰᠠᠨᠠᠮᠵᠢ»᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠥᠪᠦᠷ ᠮᠣᠩ᠋ᠭᠤᠯ ᠤᠨ ᠥᠪᠡᠷ ᠲᠥ ᠪᠡᠨ ᠵᠠᠰᠠᠬᠤ ᠣᠷᠤᠨ ᠤ ᠪᠠᠭᠰᠢ ᠢᠢᠨ ᠶᠡᠬᠡ ᠰᠤᠷᠭᠠᠭᠤᠯᠢ ᠢᠢᠨ ᠳ᠋ᠣᠻᠲ᠋ᠤᠷ᠂ ᠫᠷᠣᠹᠧᠰᠰᠤᠷ ᠬᠥᠭ᠍ᠵᠢᠯᠲᠡ ᠢᠢᠨ «ᠬᠢᠯᠭᠠᠰᠤᠨ ᠬᠤᠭᠤᠷ ᠤᠨ ᠡᠷᠲᠡ ᠪᠠ ᠡᠳᠦᠭᠡ ᠢᠢᠨ ᠲᠤᠬᠠᠶ» ᠵᠡᠷᠭᠡ ᠨᠡᠢᠢᠲᠡ 16 ᠢᠯᠡᠳᠬᠡᠯ ᠬᠡᠯᠡᠯᠴᠡᠭᠦᠯᠪᠡ᠃
ᠬᠤᠷᠠᠯ ᠳᠤ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ ᠤ ᠰᠣᠶᠤᠯ ᠤᠨ ᠥᠪ ᠦᠨ ᠪᠣᠳᠤᠯᠭ᠎ᠠ ᠢᠢᠨ ᠬᠡᠷᠡᠭᠵᠢᠯᠲᠡ ᠢᠢᠨ ᠭᠠᠵᠠᠷ ᠤᠨ ᠤᠳᠤᠷᠢᠳᠤᠯᠭ᠎ᠠ ᠨᠤᠭᠤᠳ᠂ ᠰᠢᠨᠵᠢᠯᠡᠬᠦ ᠤᠬᠠᠭᠠᠨ ᠤ ᠠᠻᠠᠳᠧᠮᠢ᠂ ᠰᠣᠶᠤᠯ ᠤᠨ ᠥᠪ ᠦᠨ ᠦᠨᠳᠦᠰᠦᠨ ᠦ ᠲᠥᠪ᠂ ᠮᠣᠷᠢᠨ ᠬᠤᠭᠤᠷ ᠰᠤᠳᠤᠯᠤᠭᠠᠴᠢ᠂ ᠤᠷᠠᠯᠠᠭᠠᠴᠢ᠂ ᠪᠠᠭᠰᠢ᠂ ᠡᠷᠳᠡᠮᠲᠡᠨ᠂ ᠳ᠋ᠣᠻᠲ᠋ᠤᠷ ᠤᠳ᠂ ᠵᠣᠬᠢᠶᠠᠯᠴᠢᠳ ᠠᠴᠠ ᠭᠠᠳᠠᠨ᠎ᠠ ᠲᠥᠷᠦ ᠢᠢᠨ ᠪᠣᠯᠤᠨ ᠲᠥᠷᠦ ᠢᠢᠨ ᠪᠤᠰᠤ ᠪᠠᠢᠢᠭᠤᠯᠤᠯᠭ᠎ᠠ ᠨᠤᠭᠤᠳ ᠤᠨ ᠬᠤᠯᠪᠤᠭᠳᠠᠬᠤ ᠲᠥᠯᠦᠭᠡᠯᠡᠯ ᠦᠳ ᠣᠷᠤᠯᠴᠠᠯ᠎ᠠ᠃


