ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠨ᠂ ᠮᠣᠩ᠋ᠭᠤᠯ᠂ ᠠᠦ᠋ᠰᠲ᠋ᠷᠠᠯᠢᠶ ᠠ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠣᠷᠤᠭᠤᠯᠤᠭᠰᠠᠨ ᠬᠤᠪᠢ ᠨᠡᠮᠡᠷᠢ ᠢᠢ ᠨᠢ ᠦᠨᠡᠯᠡᠵᠦ ᠠᠦ᠋ᠰᠲ᠋ᠷᠠᠯᠢᠶ ᠠ ᠢᠢᠨ ᠬᠣᠯᠪᠤᠭᠠᠨ ᠤ ᠤᠯᠤᠰ ᠠᠴᠠ ᠮᠣᠩ᠋ᠭᠤᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠻᠧᠢᠢᠲ᠋ᠢ ᠰᠮᠢᠲ᠋ ᠢ «ᠨᠠᠢᠢᠷᠠᠮᠳᠠᠯ ᠮᠧᠳᠠᠯᠢ» ᠪᠠᠷ ᠱᠠᠩᠨᠠᠯ᠎ᠠ᠃
ᠶᠡᠷᠦᠩᠬᠡᠢᠢᠯᠡᠭᠴᠢ ᠢᠢᠨ ᠭᠠᠳᠠᠭᠠᠳᠤ ᠪᠣᠳᠤᠯᠭ᠎ᠠ ᠢᠢᠨ ᠵᠥᠪᠯᠡᠬᠦ ᠡ᠊·ᠣᠳᠤᠪᠠᠶᠠᠷ ᠡᠯᠴᠢᠨ ᠰᠠᠢᠢᠳ ᠢ ᠡᠬᠡ ᠣᠷᠤᠨ ᠳᠤ ᠪᠠᠨ ᠪᠦᠷᠢᠮᠥᠰᠦᠨ ᠪᠤᠴᠠᠬᠤ ᠲᠠᠢ ᠨᠢ ᠬᠤᠯᠪᠤᠭᠳᠠᠭᠤᠯᠤᠨ ᠬᠦᠯᠢᠶᠡᠨ ᠠᠪᠴᠤ ᠠᠭᠤᠯᠵᠠᠬᠤ ᠦᠶ᠎ᠡ ᠪᠡᠷ ᠢᠶᠡᠨ ᠱᠠᠩᠨᠠᠯ ᠢ ᠭᠠᠷᠳᠠᠭᠤᠯᠤᠯ᠎ᠠ᠃
ᠰᠡᠭᠦᠯ ᠦᠨ ᠵᠢᠯ ᠦᠳ ᠲᠥ ᠡᠷᠴᠢᠮ ᠲᠡᠢ ᠬᠥᠭ᠍ᠵᠢᠵᠦ ᠪᠠᠢᠢᠭ᠎ᠠ ᠬᠠᠮᠲᠤ ᠢᠢᠨ ᠠᠵᠢᠯᠯᠠᠭ᠎ᠠ᠂ ᠬᠠᠷᠢᠯᠴᠠᠨ ᠠᠢᠢᠯᠴᠢᠯᠠᠯ ᠵᠡᠷᠭᠡ ᠳᠥ ᠡᠯᠴᠢᠨ ᠰᠠᠢᠢᠳ ᠤᠨ ᠣᠷᠤᠭᠤᠯᠤᠭᠰᠠᠨ ᠬᠤᠪᠢ ᠨᠡᠮᠡᠷᠢ᠂ ᠬᠦᠴᠦ ᠴᠢᠷᠮᠠᠢᠢᠯᠲᠠ ᠢᠢ ᠥᠨᠳᠦᠷ ᠦᠨᠡᠯᠡᠵᠦ ᠪᠠᠢᠢᠭ᠎ᠠ ᠪᠠᠨ ᠶᠡᠷᠦᠩᠬᠡᠢᠢᠯᠡᠭᠴᠢ ᠢᠢᠨ ᠵᠥᠪᠯᠡᠬᠦ ᠡ᠊·ᠣᠳᠤᠪᠠᠶᠠᠷ ᠢᠯᠡᠷᠬᠡᠢᠢᠯᠡᠯ᠎ᠡ᠃
ᠠᠦ᠋ᠰᠲ᠋ᠷᠠᠯᠢᠶ ᠠ ᠢᠢᠨ ᠰᠧᠨᠠᠲ᠋ ᠤᠨ ᠲᠠᠩᠬᠢᠮ ᠤᠨ ᠶᠡᠷᠦᠩᠬᠡᠢᠢᠯᠡᠭᠴᠢ ᠰᠢᠶᠦ᠋ ᠯᠠᠶᠠᠨ᠋ᠰ ᠤᠨ ᠠᠢᠢᠯᠴᠢᠯᠠᠯ ᠬᠠᠷᠢᠯᠴᠠᠨ ᠢᠲᠡᠭᠡᠯᠴᠡᠯ᠂ ᠣᠢᠢᠯᠠᠭᠠᠯᠴᠠᠯ ᠢ ᠭᠦᠨᠵᠡᠭᠡᠢᠢᠷᠡᠭᠦᠯᠬᠦ᠂ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ ᠬᠣᠭᠤᠷᠤᠨᠳᠤ ᠢᠢᠨ ᠬᠠᠷᠢᠯᠴᠠᠭ᠎ᠠ ᠢᠢ ᠥᠷᠭᠡᠵᠢᠭᠦᠯᠬᠦ᠂ ᠬᠠᠷᠢᠯᠴᠠᠨ ᠠᠰᠢᠭ ᠲᠠᠢ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠴᠢᠬᠤᠯᠠ ᠲᠦᠯᠬᠢᠴᠡ ᠪᠣᠯᠵᠤ ᠪᠠᠢᠢᠭ᠎ᠠ ᠢᠢ ᠲᠡᠮᠳᠡᠭᠯᠡᠯ᠎ᠡ᠃
ᠡᠯᠴᠢᠨ ᠰᠠᠢᠢᠳ ᠢᠶᠠᠷ ᠠᠵᠢᠯᠯᠠᠬᠤ ᠬᠤᠭᠤᠴᠠᠭᠠᠨ ᠳᠤ ᠪᠦᠬᠦ ᠲᠠᠯ᠎ᠠ ᠪᠠᠷ ᠳᠡᠮᠵᠢᠵᠦ᠂ ᠬᠠᠮᠲᠤᠷᠠᠵᠤ ᠪᠠᠢᠢᠭᠰᠠᠨ ᠮᠣᠩ᠋ᠭᠤᠯ ᠤᠯᠤᠰ ᠤᠨ ᠲᠥᠷᠦ᠂ ᠵᠠᠰᠠᠭ᠂ ᠮᠣᠩ᠋ᠭᠤᠯ ᠤᠨ ᠠᠷᠠᠳ ᠲᠦᠮᠡᠨ ᠳᠥ ᠻᠧᠢᠢ᠊·ᠰᠮᠢᠲ᠋ ᠲᠠᠯᠠᠷᠬᠠᠯ ᠢᠯᠡᠷᠬᠡᠢᠢᠯᠡᠯ᠎ᠡ᠃
ᠴᠢᠨᠠᠭᠰᠢᠳᠠ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠥᠪᠡᠷ ᠡᠴᠡ ᠰᠢᠯᠲᠠᠭᠠᠯᠠᠬᠤ ᠪᠦᠬᠦᠨ ᠢᠶᠡᠨ ᠬᠢᠬᠦ ᠪᠣᠯᠤᠨ᠎ᠠ ᠭᠡᠯᠡ᠃
ᠡᠯᠴᠢᠨ ᠰᠠᠢᠢᠳ ᠻᠧᠢᠢ᠊·ᠰᠮᠢᠲ᠋ 2022 ᠣᠨ ᠤ 06 ᠳ᠋ᠤᠭᠠᠷ ᠰᠠᠷ᠎ᠠ ᠢᠢᠨ 27 ᠤ ᠡᠳᠦᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠳᠥ ᠢᠲᠡᠭᠡᠮᠵᠢᠯᠠᠬᠦ ᠵᠢᠭᠤᠬᠤ ᠪᠢᠴᠢᠭ᠌ ᠢᠢᠡᠨ ᠡᠷᠭᠦᠨ ᠪᠠᠷᠢᠭᠰᠠᠨ ᠶᠤᠮ᠃
ᠮᠣᠩ᠋ᠭᠤᠯ ᠤᠯᠤᠰ᠂ ᠠᠦ᠋ᠰᠲ᠋ᠷᠠᠯᠢᠶ ᠠ ᠢᠢᠨ ᠬᠣᠯᠪᠤᠭᠠᠨ ᠤ ᠤᠯᠤᠰ ᠬᠣᠭᠤᠷᠤᠨᠳᠤ 1972 ᠣᠨ ᠤ 09 ᠊ᠳ᠋ᠦᠭᠡᠷ ᠰᠠᠷ᠎ᠠ ᠢᠢᠨ 15 ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠵᠠᠶ᠃