ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠲᠦᠷᠻ ᠤᠯᠤᠰ ᠠᠴᠠ ᠮᠣᠩ᠋ᠭᠤᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ᠂ ᠬᠠᠲᠤᠭᠲᠠᠶ ᠪᠠᠱᠠᠻ ᠭᠧᠨ᠋ᠴᠢ ᠶᠦᠻᠰᠧᠯ ᠢᠲᠡᠭᠡᠮᠵᠢᠯᠠᠬᠦ ᠵᠢᠭᠤᠬᠤ ᠪᠢᠴᠢᠭ᠌ ᠢᠢᠡᠨ ᠡᠷᠭᠦᠨ ᠪᠠᠷᠢᠪᠠ᠃
ᠶᠡᠷᠦᠩᠬᠡᠢᠢᠯᠡᠭᠴᠢ ᠤ·ᠬᠦᠷᠡᠯᠰᠦ᠋ᠬᠡ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠨ᠂ ᠰᠲ᠋ᠷᠠᠲ᠋ᠧᠭᠢ ᠢᠢᠨ ᠲᠦᠩᠰᠢᠯᠡᠯ ᠦᠨ ᠬᠦᠷᠢᠶᠡᠨ ᠳᠥ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠤᠯᠠᠮ ᠪᠠᠲᠤᠳᠬᠠᠬᠤ ᠲᠠᠯ᠎ᠠ ᠪᠠᠷ ᠶᠠᠷᠢᠯᠴᠠᠯ᠎ᠠ᠃
ᠶᠡᠷᠦᠩᠬᠡᠢᠢᠯᠡᠭᠴᠢ᠂ ᠬᠣᠶᠠᠷ ᠤᠯᠤᠰ ᠤᠨ ᠬᠠᠷᠢᠯᠴᠠᠭᠠᠨ ᠤ ᠲᠥᠪᠰᠢᠨ ᠢ ᠠᠬᠢᠭᠤᠯᠵᠤ᠂ ᠬᠠᠮᠲᠤ ᠢᠢᠨ ᠠᠵᠢᠯᠯᠠᠭᠠᠨ ᠤ ᠰᠢᠨ᠎ᠡ ᠦᠶ᠎ᠡ ᠢᠢᠨ ᠡᠬᠢᠯᠡᠯ ᠢ ᠲᠦᠭᠦᠴᠢᠭᠡᠯᠡᠬᠦ ᠪᠡᠷ ᠲᠣᠮᠢᠯᠠᠭᠳᠠᠭᠰᠠᠨ ᠪᠠᠱᠠᠻ ᠭᠧᠨ᠋ᠴᠢ ᠶᠦᠻᠰᠧᠯ ᠳᠥ ᠪᠠᠶᠠᠷ ᠬᠦᠷᠭᠡᠵᠦ᠂ ᠠᠮᠵᠢᠯᠲᠠ ᠬᠦᠰᠡᠯ᠎ᠡ᠃
ᠡᠯᠴᠢᠨ ᠰᠠᠢᠢᠳ ᠪᠠᠱᠠᠻ ᠭᠧᠨ᠋ᠴᠢ ᠶᠦᠻᠰᠧᠯ ᠭᠠᠳᠠᠭᠠᠳᠤ ᠬᠡᠷᠡᠭ ᠦᠨ ᠶᠠᠮᠤᠨ ᠳᠤ ᠪᠠᠨ 1997 ᠣᠨ ᠠᠴᠠ ᠬᠣᠢᠢᠰᠢ ᠠᠵᠢᠯᠯᠠᠵᠤ ᠪᠠᠢᠢᠭ᠎ᠠ ᠪᠥᠭᠡᠳ ᠧᠦ᠋ᠷᠣᠫᠠ ᠢᠢᠨ ᠬᠣᠯᠪᠤᠭᠠᠨ ᠤ ᠴᠢᠭᠯᠡᠯ ᠢᠢᠡᠷ ᠮᠡᠷᠭᠡᠰᠢᠭᠰᠡᠨ᠃ ᠲᠡᠷᠡ ᠪᠡᠷ ᠫᠠᠻᠢᠰᠲ᠋ᠠᠨ᠂ ᠧᠦ᠋ᠷᠣᠫᠠ ᠢᠢᠨ ᠬᠣᠯᠪᠤᠭ᠎ᠠ᠂ ᠰᠯᠣᠸᠠᠻ᠂ ᠣᠷᠤᠰ ᠤᠨ ᠬᠣᠯᠪᠤᠭᠠᠨ ᠤ ᠤᠯᠤᠰ ᠲᠤ ᠠᠵᠢᠯᠯᠠᠵᠤ ᠪᠠᠢᠢᠵᠠᠶ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠡᠨᠡ ᠣᠨ ᠤ ᠨᠢᠭᠡ᠊ᠳ᠋ᠦᠭᠡᠷ ᠰᠠᠷ᠎ᠠ ᠳᠤ ᠪᠦᠭᠦᠳᠡ ᠨᠠᠢᠢᠷᠠᠮᠳᠠᠬᠤ ᠲᠦᠷᠻ ᠤᠯᠤᠰ ᠲᠤ ᠲᠥᠷᠦ ᠢᠢᠨ ᠠᠢᠢᠯᠴᠢᠯᠠᠯ ᠬᠢᠵᠦ᠂ ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠢᠢ ᠱᠠᠲᠤ ᠠᠬᠢᠭᠤᠯᠤᠨ ᠰᠲ᠋ᠷᠠᠲ᠋ᠧᠭᠢ ᠢᠢᠨ ᠲᠦᠩᠰᠢᠯᠡᠯ ᠳᠥ ᠬᠦᠷᠭᠡᠭ᠍ᠰᠡᠨ ᠶᠤᠮ᠃
ᠮᠠᠨ ᠤ ᠬᠣᠶᠠᠷ ᠤᠯᠤᠰ 1969 ᠣᠨ ᠤ 06 ᠳ᠋ᠤᠭᠠᠷ ᠰᠠᠷ᠎ᠠ ᠢᠢᠨ 24 ᠦ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠵᠤ᠂ 1996 ᠣᠨ ᠳᠤ ᠤᠯᠠᠭᠠᠨᠪᠠᠭᠠᠲᠤᠷ ᠬᠣᠲᠠ ᠳᠤ᠂ 1997 ᠣᠨ ᠳᠤ ᠠᠨ᠋ᠻᠠᠷᠠ ᠬᠣᠲᠠ ᠳᠤ ᠲᠤᠰ ᠲᠤᠰ ᠡᠯᠴᠢᠨ ᠰᠠᠢᠢᠳ ᠤᠨ ᠶᠠᠮᠤᠨ ᠢᠶᠠᠨ ᠨᠡᠭᠡᠭᠡᠭ᠍ᠰᠡᠨ ᠲᠡᠦᠬᠡ ᠲᠡᠢ᠃

