ᠭᠠᠳᠠᠭᠠᠳᠤ ᠢᠢᠨ ᠣᠷᠤᠨ ᠨᠤᠭᠤᠳ ᠠᠴᠠ ᠮᠣᠩ᠋ᠭᠤᠯ ᠤᠯᠤᠰ ᠲᠤ ᠬᠠᠪᠰᠤᠷᠤᠨ ᠰᠠᠭᠤᠬᠤ ᠡᠯᠴᠢᠨ ᠰᠠᠢᠢᠳ ᠨᠠᠷ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠢᠲᠡᠭᠡᠮᠵᠢᠯᠠᠬᠦ ᠵᠢᠭᠤᠬᠤ ᠪᠢᠴᠢᠭ᠌ ᠢᠢᠡᠨ ᠡᠷᠭᠦᠨ ᠪᠠᠷᠢᠯ᠎ᠠ᠃
ᠪᠦᠭᠦᠳᠡ ᠨᠠᠢᠢᠷᠠᠮᠳᠠᠬᠤ ᠹᠢᠨ᠋ᠯᠠᠨ᠋ᠳ᠋ ᠤᠯᠤᠰ ᠠᠴᠠ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠢᠻᠻᠣ ᠻᠢᠨ᠋᠊ᠨᠦ᠋ᠨᠧᠨ
ᠪᠦᠭᠦᠳᠡ ᠨᠠᠢᠢᠷᠠᠮᠳᠠᠬᠤ ᠰᠯᠣᠸᠧᠨᠢ ᠤᠯᠤᠰ ᠠᠴᠠ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠪᠣᠱᠲ᠋ᠶᠠᠨ ᠮᠠᠯᠣᠸᠷᠾ
ᠲᠦᠷᠻᠮᠧᠨᠢᠰᠲ᠋ᠠᠨ ᠤᠯᠤᠰ ᠠᠴᠠ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠫᠠᠷᠠᠾᠠᠲ᠋ ᠳ᠋ᠦᠷᠳᠢᠶᠧᠸ
ᠪᠦᠭᠦᠳᠡ ᠨᠠᠢᠢᠷᠠᠮᠳᠠᠬᠤ ᠮᠠᠯᠢ ᠤᠯᠤᠰ ᠠᠴᠠ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠰᠧᠢᠢᠳᠦ᠋ ᠻᠠᠮᠢᠰᠰᠣᠻᠣ
ᠪᠣᠯᠢᠸᠠᠷ ᠤᠨ ᠪᠦᠭᠦᠳᠡ ᠨᠠᠢᠢᠷᠠᠮᠳᠠᠬᠤ ᠸᠧᠨᠧᠽᠦ᠋ᠧᠯᠠ ᠤᠯᠤᠰ ᠠᠴᠠ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠷᠧᠮᠢᠾᠢᠣ᠋ ᠢᠴᠠᠰᠣ᠋
ᠬᠣᠯᠪᠤᠭᠠᠨ ᠤ ᠪᠦᠭᠦᠳᠡ ᠨᠠᠢᠢᠷᠠᠮᠳᠠᠬᠤ ᠰᠣᠮᠠᠯᠢᠶ ᠠ ᠤᠯᠤᠰ ᠠᠴᠠ ᠬᠠᠪᠰᠤᠷᠤᠨ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠾᠣᠳᠠᠨ ᠠᠪᠳᠢ
ᠶᠡᠷᠦᠩᠬᠡᠢᠢᠯᠡᠭᠴᠢ ᠤ·ᠬᠦᠷᠡᠯᠰᠦ᠋ᠬᠡ ᠡᠯᠴᠢᠨ ᠰᠠᠢᠢᠳ ᠨᠠᠷ ᠢ ᠡᠭᠦᠷᠭᠡᠲᠦ ᠠᠵᠢᠯ ᠳᠤ ᠪᠠᠨ ᠣᠷᠤᠵᠤ ᠪᠤᠢ ᠳᠤ ᠨᠢ ᠪᠠᠶᠠᠷ ᠬᠦᠷᠭᠡᠵᠦ᠂ ᠠᠮᠵᠢᠯᠲᠠ ᠬᠦᠰᠡᠯ᠎ᠡ᠃
ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠢᠢᠨ ᠲᠥᠯᠦᠭᠡ ᠡᠯᠴᠢᠨ ᠰᠠᠢᠢᠳ ᠨᠠᠷ ᠴᠢᠷᠮᠠᠢᠢᠨ ᠠᠵᠢᠯᠯᠠᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠬᠡᠯᠡᠵᠦ᠂ ᠲᠥᠷᠦ᠂ ᠵᠠᠰᠠᠭ ᠠᠴᠠ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃
ᠲᠡᠭᠦᠨᠴᠢᠯᠡᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ ᠠ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠢᠢᠨ ᠬᠦᠷᠢᠶᠡᠨ ᠳᠥ ᠬᠠᠷᠢᠯᠴᠠᠭ᠎ᠠ ᠢᠢ ᠪᠡᠬᠢᠵᠢᠭᠦᠯᠬᠦ ᠢᠢᠨ ᠲᠥᠯᠦᠭᠡ ᠪᠠᠢᠢᠭ᠎ᠠ ᠪᠠᠨ ᠲᠡᠮᠳᠡᠭᠯᠡᠯ᠎ᠡ᠃









