Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠤᠨ ᠦᠨᠳᠦᠰᠦᠨ ᠦ ᠠᠰᠰᠠᠮᠪᠯᠧᠢ ᠢᠢᠨ ᠳᠠᠷᠤᠭ᠎ᠠ ᠪᠠᠷᠠᠭᠠᠯᠬᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠮᠠᠨ ᠤ ᠤᠯᠤᠰ ᠲᠤ ᠠᠯᠪᠠᠨ ᠶᠣᠰᠤᠨ ᠤ ᠠᠢᠢᠯᠴᠢᠯᠠᠯ ᠬᠢᠵᠦ ᠪᠤᠢ ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠤᠨ ᠦᠨᠳᠦᠰᠦᠨ ᠦ ᠠᠰᠰᠠᠮᠪᠯᠧᠢ ᠢᠢᠨ ᠳᠠᠷᠤᠭ᠎ᠠ ᠸᠦᠦ ᠸᠣᠨ ᠱᠢᠻ ᠪᠠᠷᠠᠭᠠᠯᠬᠠᠯ᠎ᠠ᠃

ᠶᠡᠷᠦᠩᠬᠡᠢᠢᠯᠡᠭᠴᠢ ᠤ·ᠬᠦᠷᠡᠯᠰᠦ᠋ᠬᠡ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠢᠢᠨ ᠬᠦᠷᠢᠶᠡᠨ ᠳᠥ ᠬᠢᠵᠦ ᠪᠤᠢ ᠠᠯᠪᠠᠨ ᠶᠣᠰᠤᠨ ᠤ ᠠᠢᠢᠯᠴᠢᠯᠠᠯ ᠨᠢ «ᠰᠲ᠋ᠷᠠᠲ᠋ᠧᠭᠢ ᠢᠢᠨ ᠲᠦᠩᠰᠢᠯᠡᠯ» ᠤᠨ ᠬᠠᠷᠢᠯᠴᠠᠭ᠎ᠠ ᠢᠢ ᠭᠦᠨᠵᠡᠭᠡᠢᠢᠷᠡᠭᠦᠯᠦᠨ ᠪᠡᠬᠢᠵᠢᠭᠦᠯᠬᠦ ᠳᠥ ᠴᠢᠬᠤᠯᠠ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠪᠡ᠃

«ᠭᠤᠷᠪᠠᠳᠠᠭᠴᠢ ᠬᠥᠷᠰᠢ»᠂ ᠪᠦᠰᠡ ᠨᠤᠲᠤᠭ ᠳ᠋ᠠᠬᠢ ᠣᠢᠢᠷ᠎ᠠ ᠳᠣᠲᠤᠨ᠎ᠠ ᠲᠦᠩᠰᠢ ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠲᠠᠢ ᠬᠥᠭ᠍ᠵᠢᠭᠦᠯᠵᠦ ᠪᠤᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠠᠷᠠᠳᠴᠢᠯᠠᠯ ᠤᠨ ᠨᠡᠢᠢᠲᠡᠯᠢᠭ ᠦᠨᠡᠲᠦ ᠵᠦᠢᠯᠡᠰ ᠲᠥ ᠲᠤᠯᠭᠠᠭᠤᠷᠢᠯᠠᠨ ᠨᠡᠢᠢᠭᠡᠮ᠂ ᠡᠳ᠋ ᠦᠨ ᠵᠠᠰᠠᠭ ᠤᠨ ᠪᠦᠬᠦᠢ ᠯᠠ ᠰᠠᠯᠪᠤᠷᠢ ᠳᠤ ᠥᠷᠭᠡᠵᠢᠨ ᠲᠡᠯᠡᠵᠦ᠂ ᠬᠣᠶᠠᠷ ᠣᠷᠤᠨ ᠤ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠤᠯᠠᠮ ᠪᠡᠬᠢᠵᠢᠵᠦ ᠪᠠᠢᠢᠭᠠᠳ ᠰᠡᠳᠬᠢᠯ ᠬᠠᠩ᠋ᠭᠠᠯᠤᠭᠤᠨ ᠪᠤᠢ ᠪᠠᠨ ᠲᠡᠮᠳᠡᠭᠯᠡᠯ᠎ᠡ᠃

ᠪᠦᠭᠦᠳᠡ ᠨᠠᠢᠢᠷᠠᠮᠳᠠᠬᠤ ᠰᠣᠯᠤᠩ᠋ᠭᠤᠰ ᠤᠯᠤᠰ ᠤᠨ ᠦᠨᠳᠦᠰᠦᠨ ᠦ ᠠᠰᠰᠠᠮᠪᠯᠧᠢ ᠢᠢᠨ ᠳᠠᠷᠤᠭ᠎ᠠ ᠸᠦᠦ ᠸᠣᠨ ᠱᠢᠻ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠡᠷᠬᠡ ᠵᠦᠢ ᠢᠢᠨ ᠦᠨᠳᠦᠰᠦ ᠪᠡᠬᠢᠵᠢᠵᠦ᠂ ᠬᠠᠤᠯᠢ ᠲᠣᠭᠲᠠᠭᠠᠬᠤ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠥᠷᠭᠡᠵᠢᠨ ᠬᠥᠭ᠍ᠵᠢᠵᠦ ᠪᠠᠢᠢᠭ᠎ᠠ ᠢᠢ ᠣᠨᠴᠠᠯᠠᠨ ᠲᠡᠮᠳᠡᠭᠯᠡᠪᠡ᠃

ᠴᠢᠨᠠᠭᠰᠢᠳᠠ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠤᠯᠠᠮ ᠬᠥᠭ᠍ᠵᠢᠭᠦᠯᠬᠦ᠂ ᠣᠯᠠᠨ ᠤᠯᠤᠰ᠂ ᠪᠦᠰᠡ ᠨᠤᠲᠤᠭ ᠤᠨ ᠲᠠᠪᠴᠠᠩ ᠳᠤ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ ᠢᠢᠨ ᠲᠥᠯᠦᠭᠡ ᠪᠠᠢᠢᠭ᠎ᠠ ᠪᠠᠨ ᠢᠯᠡᠷᠬᠡᠢᠢᠯᠡᠯ᠎ᠡ᠃