ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊᠂ ᠸᠯᠠ᠊᠂ ᠫᠦᠲ᠋ᠢᠨ ᠦ ᠤᠷᠢᠯᠭ᠎ᠠ ᠪᠠᠷ ᠠᠤᠭ᠎ᠠ ᠶᠡᠬᠡ ᠡᠬᠡ ᠣᠷᠤᠨ ᠤ ᠳᠠᠢᠢᠨ ᠤ ᠢᠯᠠᠯᠲᠠ ᠢᠢᠨ ᠳᠡᠦᠬᠡᠲᠦ 80 ᠵᠢᠯ ᠦᠨ ᠣᠢ ᠢᠢᠨ ᠪᠠᠶᠠᠷ ᠤᠨ ᠠᠷᠭ᠎ᠠ ᠬᠡᠮᠵᠢᠶᠡᠨ ᠳᠥ ᠣᠷᠤᠯᠴᠠᠵᠤ ᠪᠤᠢ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊᠂ ᠸᠯᠠ᠊᠂ ᠫᠦᠲ᠋ᠢᠨ ᠨᠠᠷ ᠠᠯᠪᠠᠨ ᠶᠣᠰᠤᠨ ᠤ ᠠᠭᠤᠯᠵᠠᠯᠲᠠ ᠬᠢᠪᠡ᠃
ᠠᠭᠤᠯᠵᠠᠯᠲᠠ ᠢᠢᠨ ᠦᠶ ᠡ ᠪᠡᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊᠂ ᠸᠯᠠ᠊᠂ ᠫᠦᠲ᠋ᠢᠨ ᠳᠥ ᠪᠣᠯᠤᠨ ᠣᠷᠤᠰ ᠤᠨ ᠬᠣᠯᠪᠤᠭᠠᠨ ᠤ ᠤᠯᠤᠰ ᠤᠨ ᠠᠷᠠᠳ ᠲᠦᠮᠡᠨ ᠳᠥ ᠠᠤᠭ᠎ᠠ ᠶᠡᠬᠡ ᠡᠬᠡ ᠣᠷᠤᠨ ᠤ ᠳᠠᠢᠢᠨ ᠤ ᠢᠯᠠᠯᠲᠠ ᠢᠢᠨ ᠳᠡᠦᠬᠡᠨ 80 ᠵᠢᠯ ᠦᠨ ᠣᠢ ᠢᠢᠨ ᠪᠠᠶᠠᠷ ᠤᠨ ᠮᠡᠨᠳᠦ ᠢᠢ ᠮᠣᠩ᠋ᠭᠤᠯ ᠤᠨ ᠲᠥᠷᠦ ᠵᠠᠰᠠᠭ᠂ ᠠᠷᠠᠳ ᠲᠦᠮᠡᠨ ᠦ ᠨᠡᠷ ᠡ ᠢᠢᠨ ᠡᠮᠦᠨ᠎ᠡ ᠡᠴᠡ ᠡᠷᠭᠦᠨ ᠳᠡᠪᠰᠢᠭᠦᠯᠦᠯ ᠡ᠃
ᠮᠣᠩ᠋ᠭᠤᠯ ᠤᠯᠤᠰ᠂ ᠮᠣᠩ᠋ᠭᠤᠯ ᠤᠨ ᠠᠷᠠᠳ ᠲᠦᠮᠡᠨ ᠳᠠᠢᠢᠨ ᠤ ᠡᠬᠢᠨ ᠦ ᠡᠳᠦᠷ ᠦᠳ ᠡᠴᠡ ᠡᠬᠢᠯᠡᠨ «ᠪᠦᠬᠦᠨ ᠢ ᠢᠯᠠᠯᠲᠠ ᠢᠢᠨ ᠲᠥᠯᠦᠭᠡ»᠂ «ᠪᠦᠬᠦᠨ ᠢ ᠹᠷᠣᠨ᠋ᠲ᠋» ᠳᠤ ᠬᠡᠮᠡᠬᠦ ᠤᠷᠢᠶᠠᠨ ᠤ ᠳᠣᠣᠷ ᠠ ᠵᠥᠪᠯᠡᠯᠲᠦ ᠢᠢᠨ ᠤᠯᠠᠭᠠᠨ ᠠᠷᠮᠢ ᠳᠤ ᠪᠦᠬᠦ ᠲᠠᠯ ᠠ ᠢᠢᠨ ᠪᠤᠴᠠᠯᠲᠠ ᠦᠭᠡᠢ ᠲᠤᠰᠠᠯᠠᠮᠵᠢ ᠢᠢ ᠬᠦᠷᠭᠡᠭᠦᠯᠬᠦ ᠢᠢᠨ ᠲᠥᠯᠦᠭᠡ ᠬᠢᠴᠢᠶᠡᠨ ᠵᠢᠳᠬᠦᠵᠦ ᠪᠠᠢᠢᠭᠰᠠᠨ ᠨᠢ ᠮᠣᠩ᠋ᠭᠤᠯ᠂ ᠣᠷᠤᠰ ᠤᠨ ᠨᠠᠢᠢᠷᠠᠮᠳᠠᠯᠲᠤ ᠬᠠᠷᠢᠯᠴᠠᠭᠠᠨ ᠤ ᠲᠡᠦᠬᠡᠨ ᠳᠡᠬᠢ ᠬᠠᠮᠤᠭ ᠤᠨ ᠴᠢᠬᠤᠯᠠ ᠦᠢᠯᠡ ᠶᠡᠪᠤᠳᠠᠯ ᠤᠳ ᠤᠨ ᠨᠢᠭᠡ ᠪᠠᠢᠢᠭᠰᠠᠨ ᠢ ᠲᠡᠦᠬᠡ ᠢᠢᠨ ᠬᠠᠭᠤᠳᠠᠰᠤ ᠨᠤᠭᠤᠳ ᠬᠠᠷᠠᠭᠤᠯᠵᠤ ᠪᠤᠢ ᠢᠢ ᠣᠨᠴᠠᠯᠠᠵᠤ᠂ ᠮᠣᠩ᠋ᠭᠤᠯ ᠤᠯᠤᠰ ᠤᠨ ᠵᠡᠪᠰᠡᠭᠲᠦ ᠬᠦᠴᠦᠨ ᠦ ᠪᠡᠶ ᠡ ᠪᠦᠷᠢᠯᠳᠡᠬᠦᠨ ᠠᠤᠭ᠎ᠠ ᠶᠡᠬᠡ ᠡᠬᠡ ᠣᠷᠤᠨ ᠤ ᠳᠠᠢᠢᠨ ᠤ ᠢᠯᠠᠯᠲᠠ ᠢᠢᠨ 80 ᠵᠢᠯ ᠦᠨ ᠣᠢ ᠢᠢᠨ ᠶᠣᠰᠤᠯᠠᠯ ᠤᠨ ᠵᠢᠭ᠌ᠰᠠᠭᠠᠯ ᠳᠤ ᠣᠷᠤᠯᠴᠠᠵᠤ ᠪᠤᠢ ᠢᠢ ᠲᠡᠮᠳᠡᠭᠯᠡᠪᠡ᠃


ᠣᠷᠤᠰ ᠤᠨ ᠬᠣᠯᠪᠤᠭᠠᠨ ᠤ ᠤᠯᠤᠰ ᠤᠨ ᠶᠡᠷᠦᠩᠬᠡᠢᠢᠯᠡᠭᠴᠢ ᠸᠯᠠ᠊᠂ ᠸᠯᠠ᠊᠂ ᠫᠦᠲ᠋ᠢᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠡᠭᠦᠨ ᠦ ᠤᠷᠢᠯᠭ᠎ᠠ ᠢᠢ ᠬᠦᠯᠢᠶᠡᠨ ᠠᠪᠴᠤ ᠮᠣᠰᠻᠸᠠ ᠬᠣᠲᠠᠨ᠎ᠠ ᠬᠦᠷᠦᠯᠴᠡᠨ ᠢᠷᠡᠭᠰᠡᠨ ᠳᠥ ᠲᠠᠯᠠᠷᠬᠠᠯ ᠢᠯᠡᠷᠬᠡᠢᠢᠯᠡᠵᠦ᠂ ᠠᠤᠭ᠎ᠠ ᠶᠡᠬᠡ ᠡᠬᠡ ᠣᠷᠤᠨ ᠤ ᠳᠠᠢᠢᠨ ᠤ ᠬᠦᠨᠳᠦ ᠵᠢᠯ ᠦᠳ ᠲᠥ ᠮᠣᠩ᠋ᠭᠤᠯ ᠤᠯᠤᠰ᠂ ᠮᠣᠩ᠋ᠭᠤᠯ ᠤᠨ ᠠᠷᠠᠳ ᠲᠦᠮᠡᠨ ᠵᠥᠪᠯᠡᠯᠲᠥ ᠬᠣᠯᠪᠤᠭᠠᠲᠤ ᠤᠯᠤᠰ ᠲᠤ ᠲᠤᠰᠠᠯᠠᠮᠵᠢ ᠳᠡᠮᠵᠢᠯᠭᠡ ᠦᠵᠡᠭᠦᠯᠵᠦ ᠪᠠᠢᠢᠭᠰᠠᠨ ᠢ ᠣᠷᠤᠰ ᠤᠨ ᠬᠣᠯᠪᠤᠭᠠᠨ ᠤ ᠤᠯᠤᠰ ᠤᠨ ᠲᠥᠷᠦ ᠵᠠᠰᠠᠭ ᠪᠣᠯᠤᠨ ᠠᠷᠠᠳ ᠲᠦᠮᠡᠨ ᠦᠷᠭᠦᠯᠵᠢ ᠥᠨᠳᠦᠷ ᠢᠢᠡᠷ ᠦᠨᠡᠯᠡᠵᠦ᠂ ᠴᠢᠬᠤᠯᠠ ᠠᠴᠢ ᠬᠣᠯᠪᠤᠭᠳᠠᠯ ᠥᠭᠴᠦ ᠪᠠᠢᠢᠳᠠᠭ ᠢ ᠲᠡᠮᠳᠡᠭᠯᠡᠪᠡ᠃
ᠲᠡᠭᠦᠨᠴᠢᠯᠡᠨ᠂ ᠠᠭᠤᠯᠵᠠᠯᠲᠠ ᠢᠢᠨ ᠦᠶ ᠡ ᠪᠡᠷ ᠬᠣᠶᠠᠷ ᠤᠯᠤᠰ ᠤᠨ ᠶᠡᠷᠦᠩᠬᠡᠢᠢᠯᠡᠭᠴᠢ ᠨᠠᠷ ᠮᠣᠩ᠋ᠭᠤᠯ᠂ ᠣᠷᠤᠰ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠪᠣᠯᠤᠨ ᠬᠤᠳᠠᠯᠳᠤᠭ᠎ᠠ᠂ ᠡᠳ᠋ ᠦᠨ ᠵᠠᠰᠠᠭ᠂ ᠬᠥᠷᠦᠩᠭᠡ ᠣᠷᠤᠭᠤᠯᠤᠯᠲᠠ᠂ ᠬᠥᠳᠡᠭᠡ ᠠᠵᠤ ᠠᠬᠤᠢ᠂ ᠡᠷᠴᠢᠮ ᠬᠦᠴᠦ᠂ ᠲᠡᠭᠡᠭᠡᠪᠦᠷᠢ ᠯᠣᠭᠢᠰᠲᠢᠭ᠂ ᠠᠶᠠᠯᠠᠯ ᠵᠢᠭᠤᠯᠴᠢᠯᠠᠯ᠂ ᠪᠠᠢᠢᠭᠠᠯᠢ ᠣᠷᠴᠢᠨ ᠪᠣᠯᠤᠨ ᠬᠦᠮᠦᠨᠯᠢᠭ ᠦᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠥᠷᠭᠡᠨ ᠠᠰᠠᠭᠤᠳᠠᠯ ᠢᠢᠠᠷ ᠰᠠᠨᠠᠯ ᠰᠣᠯᠢᠯᠴᠠᠪᠠ᠃
ᠮᠥᠨ ᠮᠣᠩ᠋ᠭᠤᠯ᠂ ᠣᠷᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠴᠢᠨᠠᠭᠰᠢᠳᠠ ᠴᠤ ᠢᠵᠢ ᠪᠦᠷᠢᠨ ᠰᠲ᠋ᠷᠠᠲ᠋ᠧᠭᠢ ᠢᠢᠨ ᠲᠥᠩᠰᠢᠯᠡᠯ ᠦᠨ ᠵᠠᠷᠴᠢᠮ ᠢᠢᠠᠷ ᠲᠤᠭᠤᠰᠢᠲᠠᠢ ᠤᠷᠤᠭᠰᠢᠯᠠᠭᠤᠯᠤᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠪᠠᠨ ᠲᠥᠷᠦ ᠢᠢᠨ ᠲᠡᠷᠢᠭᠦᠨ ᠨᠠᠷ ᠣᠨᠴᠠᠯᠠᠨ ᠲᠡᠮᠳᠡᠭᠯᠡᠪᠡ᠃



