Та "Internet explorer"-ийн сүүлийн хувилбар болох "Microsoft edge"-г ашиглана уу

Хэрэв "Microsoft edge"-г татах бол энд дарж татаж авна уу

ᠻᠠᠽᠠᠻᠰᠲ᠋ᠠᠨ ᠤ ᠡᠯᠴᠢᠨ ᠰᠠᠢᠢᠳ ᠢ «ᠨᠠᠢᠢᠷᠠᠮᠳᠠᠯ» ᠮᠧᠳᠠᠯᠢ ᠪᠠᠷ ᠱᠠᠩᠨᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠠᠴᠠ ᠮᠣᠩ᠋ᠭᠤᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠠᠪᠢᠲ᠋ ᠻᠣᠢᠢᠱᠢᠪᠠᠶᠧᠸ ᠢ ᠨᠤᠲᠤᠭ ᠪᠤᠴᠠᠬᠤ ᠪᠣᠯᠤᠭᠰᠠᠨ ᠲᠠᠢ ᠨᠢ ᠬᠤᠯᠪᠤᠭᠳᠠᠭᠤᠯᠤᠨ ᠬᠦᠯᠢᠶᠡᠨ ᠠᠪᠴᠤ ᠠᠭᠤᠯᠵᠠᠯ᠎ᠠ᠃

ᠡᠯᠴᠢᠨ ᠰᠠᠢᠢᠳ ᠭᠠ᠊· ᠻᠣᠢᠢᠱᠢᠪᠠᠶᠧᠸ ᠮᠣᠩ᠋ᠭᠤᠯ ᠤᠯᠤᠰ ᠲᠤ ᠠᠵᠢᠯᠯᠠᠬᠤ ᠬᠤᠭᠤᠴᠠᠭᠠᠨ ᠳᠤ ᠪᠠᠨ ᠬᠣᠶᠠᠷ ᠣᠷᠤᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠪᠡᠬᠢᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠤᠭᠰᠠᠨ ᠢ ᠶᠡᠷᠦᠩᠬᠡᠢᠢᠯᠡᠭᠴᠢ ᠲᠡᠮᠳᠡᠭᠯᠡᠯ᠎ᠡ᠃

2024 ᠣᠨ ᠳᠤ ᠶᠡᠷᠦᠩᠬᠡᠢᠢᠯᠡᠭᠴᠢ ᠻᠠ᠊·ᠲᠣᠻᠠᠶᠧᠸ ᠤᠨ ᠮᠣᠩ᠋ᠭᠤᠯ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠬᠠᠷᠢᠯᠴᠠᠭᠠᠨ ᠤ ᠲᠥᠪᠰᠢᠨ ᠢ ᠱᠠᠲᠤ ᠠᠬᠢᠭᠤᠯᠵᠤ «ᠰᠲ᠋ᠷᠠᠲ᠋ᠧᠭᠢ ᠢᠢᠨ ᠲᠦᠩᠰᠢᠯᠡᠯ» ᠳ᠋ᠥ ᠬᠦᠷᠭᠡᠨ᠂ ᠬᠠᠷᠢᠯᠴᠠᠭᠠᠨ ᠤ ᠨᠢᠭᠡᠨ ᠰᠢᠨ᠎ᠡ ᠦᠶ᠎ᠡ ᠢᠢ ᠡᠬᠢᠯᠡᠭᠦᠯᠦᠭᠰᠡᠨ ᠢ ᠣᠨᠴᠠᠯᠠᠯ᠎ᠠ᠃

ᠡᠯᠴᠢᠨ ᠰᠠᠢᠢᠳ ᠢᠶᠠᠷ ᠠᠵᠢᠯᠯᠠᠬᠤ ᠬᠤᠭᠤᠴᠠᠭᠠᠨ ᠳᠤ ᠮᠣᠩ᠋ᠭᠤᠯ ᠤᠨ ᠲᠥᠷᠦ᠂ ᠵᠠᠰᠠᠭ᠂ ᠠᠷᠠᠳ ᠲᠦᠮᠡᠨ ᠪᠦᠬᠦ ᠲᠠᠯ᠎ᠠ ᠪᠠᠷ ᠳᠡᠮᠵᠢᠨ᠂ ᠬᠠᠮᠲᠤᠷᠠᠨ ᠠᠵᠢᠯᠯᠠᠵᠤ ᠪᠠᠢᠢᠭᠰᠠᠨ ᠳᠤ ᠭᠠ᠊· ᠻᠣᠢᠢᠱᠢᠪᠠᠶᠧᠸ ᠲᠠᠯᠠᠷᠬᠠᠯ ᠢᠯᠡᠷᠬᠡᠢᠢᠯᠡᠯ᠎ᠡ᠃

ᠮᠥᠨ ᠻᠠᠽᠠᠻᠰᠲ᠋ᠠᠨ ᠨᠢ ᠮᠣᠩ᠋ᠭᠤᠯ ᠤᠯᠤᠰ ᠤᠨ ᠲᠥᠪ ᠠᠽᠢ ᠢᠢᠨ ᠪᠦᠰᠡ ᠨᠤᠲᠤᠭ ᠳ᠋ᠠᠬᠢ ᠠᠩᠬᠠᠨ ᠤ ᠰᠲ᠋ᠷᠠᠲ᠋ᠧᠭᠢ ᠢᠢᠨ ᠲᠦᠩᠰᠢ ᠣᠷᠤᠨ ᠪᠣᠯᠤᠭᠰᠠᠨ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠬᠡᠯᠡᠭᠡᠳ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠥᠷᠭᠡᠵᠢᠨ ᠬᠥᠭ᠍ᠵᠢᠨ᠎ᠡ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠲᠡᠮᠳᠡᠭᠯᠡᠪᠡ᠃ ᠶᠡᠷᠦᠩᠬᠡᠢᠢᠯᠡᠭᠴᠢ ᠤ·ᠬᠦᠷᠡᠯᠰᠦ᠋ᠬᠡ ᠬᠣᠶᠠᠷ ᠣᠷᠤᠨ ᠤ ᠬᠠᠷᠢᠯᠴᠠᠭ᠎ᠠ ᠢᠢ ᠱᠠᠲᠤ ᠠᠬᠢᠭᠤᠯᠤᠨ ᠬᠥᠭ᠍ᠵᠢᠭᠦᠯᠬᠦ ᠳᠥ ᠣᠷᠤᠭᠤᠯᠤᠭᠰᠠᠨ ᠬᠤᠪᠢ ᠨᠡᠮᠡᠷᠢ᠂ ᠬᠦᠴᠦᠨ ᠴᠢᠷᠮᠠᠢᠢᠯᠲᠠ ᠢᠢ ᠨᠢ ᠦᠨᠡᠯᠡᠵᠦ ᠡᠯᠴᠢᠨ ᠰᠠᠢᠢᠳ ᠭᠠ᠊· ᠻᠣᠢᠢᠱᠢᠪᠠᠶᠧᠸ ᠢ «ᠨᠠᠢᠢᠷᠠᠮᠳᠠᠯ» ᠮᠧᠳᠠᠯᠢ ᠪᠠᠷ ᠱᠠᠩᠨᠠᠯ᠎ᠠ᠃