ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ ᠢᠢᠨ «ᠰᠤᠪᠢᠯᠠᠬᠤᠢ ᠢᠢᠨ ᠰᠤᠷᠭᠠᠯᠲᠠ᠂ ᠰᠤᠳᠤᠯᠭᠠᠨ ᠤ ᠲᠥᠪ» ᠤᠨ ᠪᠦᠲᠦᠭᠡᠨ ᠪᠠᠢᠢᠭᠤᠯᠤᠯᠲᠠ ᠡᠬᠢᠯᠡᠯ᠎ᠡ᠃ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠰᠤᠪᠢᠯᠠᠭᠴᠢ ᠢᠢ ᠮᠡᠷᠭᠡᠰᠢᠭᠦᠯᠬᠦ᠂ ᠲᠠᠰᠤᠷᠠᠯᠲᠠ ᠦᠭᠡᠢ ᠬᠥᠭ᠍ᠵᠢᠭᠦᠯᠬᠦ᠂ ᠡᠷᠳᠡᠮ ᠰᠢᠨᠵᠢᠯᠡᠭᠡᠨ ᠦ ᠠᠵᠢᠯ ᠬᠢᠬᠦ ᠪᠣᠯᠤᠮᠵᠢ᠂ ᠨᠥᠬᠦᠴᠡᠯ ᠢ ᠪᠦᠷᠢᠳᠦᠭᠦᠯᠬᠦ ᠵᠣᠷᠢᠯᠭ᠎ᠠ ᠪᠠᠷ ᠡᠨᠡ ᠲᠥᠪ ᠢ ᠪᠠᠢᠢᠭᠤᠯᠬᠤ ᠰᠠᠨᠠᠭᠠᠴᠢᠯᠠᠭ᠎ᠠ ᠭᠠᠷᠭᠠᠭᠰᠠᠨ ᠶᠤᠮ᠃
ᠪᠦᠲᠦᠭᠡᠨ ᠪᠠᠢᠢᠭᠤᠯᠤᠯᠲᠠ ᠢᠢ ᠡᠬᠢᠯᠡᠭᠦᠯᠬᠦ ᠶᠣᠰᠤᠯᠠᠯ ᠳᠤ ᠶᠡᠷᠦᠩᠬᠡᠢᠢᠯᠡᠭᠴᠢ ᠣᠷᠤᠯᠴᠠᠯ᠎ᠠ᠃ ᠲᠡᠷᠡ ᠪᠡᠷ᠂ ᠡᠨᠡ ᠪᠣᠯ ᠵᠥᠪᠬᠡᠨ ᠨᠢᠭᠡᠨ ᠪᠠᠷᠢᠯᠭ᠎ᠠ ᠢᠢᠨ ᠡᠬᠢᠯᠡᠯ ᠪᠢᠰᠢ᠂ ᠬᠠᠷᠢᠨ ᠰᠤᠪᠢᠯᠠᠬᠤᠢ ᠢᠢᠨ ᠰᠢᠨᠵᠢᠯᠡᠬᠦ ᠤᠬᠠᠭᠠᠨ ᠢ ᠣᠯᠠᠨ ᠤᠯᠤᠰ ᠤᠨ ᠵᠢᠱᠢᠭ ᠲᠥ ᠨᠡᠢᠢᠴᠡᠭᠦᠯᠦᠨ ᠬᠥᠭ᠍ᠵᠢᠭᠦᠯᠬᠦ᠂ ᠰᠤᠳᠤᠯᠭᠠᠨ ᠳᠤ ᠰᠠᠭᠤᠷᠢᠯᠠᠭᠰᠠᠨ᠂ ᠴᠢᠨᠠᠷᠲᠠᠶ᠂ ᠰᠤᠪᠢᠯᠠᠬᠤᠢ ᠢᠢᠨ ᠲᠤᠰᠠᠯᠠᠮᠵᠢ᠂ ᠦᠢᠯᠡᠴᠢᠯᠡᠭᠡ ᠲᠥᠯᠦᠪᠰᠢᠬᠦ᠂ ᠰᠤᠪᠢᠯᠠᠭᠴᠢ ᠨᠠᠷ ᠲᠠᠰᠤᠷᠠᠯᠲᠠ ᠦᠭᠡᠢ ᠰᠤᠷᠤᠯᠴᠠᠬᠤ᠂ ᠰᠢᠨᠵᠢᠯᠡᠬᠦ ᠤᠬᠠᠭᠠᠨ᠂ ᠲ᠋ᠧᠭᠨᠣᠯᠤᠭᠢ ᠢᠢᠨ ᠣᠯᠤᠯᠲᠠ ᠢᠢ ᠴᠠᠭ ᠠᠯᠳᠠᠯ ᠦᠭᠡᠢ ᠨᠡᠪᠲᠡᠷᠡᠭᠦᠯᠬᠦ᠂ ᠰᠠᠢᠢᠨ ᠲᠤᠷᠰᠢᠯᠭ᠎ᠠ ᠢᠢ ᠲᠦᠭᠡᠭᠡᠨ ᠳᠡᠯᠭᠡᠷᠡᠭᠦᠯᠬᠦ ᠰᠢᠨ᠎ᠡ ᠵᠠᠮᠨᠠᠯ ᠤᠨ ᠡᠬᠢᠯᠡᠯ ᠭᠡᠳᠡᠭ ᠢ ᠣᠨᠴᠠᠯᠠᠯ᠎ᠠ᠃
ᠡᠢᠢᠮᠦ ᠡᠴᠡ ᠪᠠᠷᠢᠯᠭ᠎ᠠ ᠢᠢᠨ ᠠᠵᠢᠯ ᠢ ᠬᠤᠷᠳᠤᠨ ᠰᠢᠭᠤᠷᠬᠠᠶ᠂ ᠴᠢᠨᠠᠷᠲᠠᠶ ᠭᠦᠢᠴᠡᠳᠬᠡᠵᠦ᠂ 2026 ᠣᠨ ᠤ ᠡᠨᠡ ᠡᠳᠦᠷ ᠲᠣᠬᠢᠶᠠᠬᠤ «ᠣᠯᠠᠨ ᠤᠯᠤᠰ ᠤᠨ ᠰᠤᠪᠢᠯᠠᠭᠴᠢᠳ ᠤᠨ ᠡᠳᠦᠷ» ᠠᠰᠢᠭᠯᠠᠯᠲᠠ ᠳᠤ ᠣᠷᠤᠭᠤᠯᠬᠤ ᠢᠢᠨ ᠲᠥᠯᠦᠭᠡ ᠬᠤᠯᠪᠤᠭᠳᠠᠬᠤ ᠶᠠᠮᠤ᠂ ᠲᠥᠷᠦ ᠢᠢᠨ ᠪᠠᠢᠢᠭᠤᠯᠤᠯᠭ᠎ᠠ ᠨᠤᠭᠤᠳ ᠣᠨᠴᠤᠭᠤᠶ ᠠᠩᠬᠠᠷᠬᠤ ᠢᠢ ᠴᠢᠭᠯᠡᠯ ᠪᠣᠯᠭᠠᠯ᠎ᠠ᠃
ᠮᠥᠨ ᠪᠦᠲᠦᠭᠡᠨ ᠪᠠᠢᠢᠭᠤᠯᠤᠯᠲᠠ ᠳᠤ ᠣᠷᠤᠯᠴᠠᠵᠤ ᠪᠠᠢᠢᠭ᠎ᠠ ᠪᠦᠬᠦ ᠬᠦᠮᠦᠨ᠂ ᠠᠵᠤ ᠠᠬᠤᠶ ᠢᠢᠨ ᠨᠢᠭᠡᠴᠡ᠂ ᠪᠠᠢᠢᠭᠤᠯᠤᠯᠭ᠎ᠠ ᠪᠣᠯᠤᠨ ᠠᠷᠠᠳ ᠢᠷᠭᠡᠳ ᠦᠨ ᠢᠶᠡᠨ ᠡᠷᠡᠭᠦᠯ ᠮᠡᠨᠳᠦ ᠢᠢᠨ ᠮᠠᠨᠠᠭᠠᠨ ᠳᠤ ᠵᠢᠳᠬᠦᠵᠦ ᠪᠠᠢᠢᠭ᠎ᠠ ᠡᠮᠴᠢ᠂ ᠰᠤᠪᠢᠯᠠᠭᠴᠢ᠂ ᠡᠮᠨᠡᠯᠭᠡ ᠢᠢᠨ ᠠᠵᠢᠯᠲᠠᠨ᠂ ᠡᠷᠳᠡᠮᠲᠡᠨ ᠪᠠᠭᠰᠢ᠂ ᠰᠤᠷᠭᠠᠨ ᠬᠦᠮᠦᠵᠢᠭᠦᠯᠦᠭᠴᠢ ᠨᠠᠷ ᠲᠤ ᠲᠠᠯᠠᠷᠬᠠᠯ ᠢᠯᠡᠷᠬᠡᠢᠢᠯᠡᠯ᠎ᠡ᠃
ᠨᠠᠢᠮᠠᠨ ᠳᠠᠪᠬᠤᠷ ᠠᠴᠠ ᠪᠦᠷᠢᠳᠬᠦ ᠡᠨᠡ ᠲᠥᠪ 4.846 м2 ᠲᠠᠯᠠᠪᠠᠢ ᠲᠠᠢ᠂ 100 ᠭᠠᠷᠤᠶ ᠥᠷᠦᠭᠡ ᠲᠡᠢ᠂ ᠬᠣᠭᠤᠯᠠ᠂ ᠰᠡᠷᠭᠦᠭᠡᠨ ᠵᠠᠰᠠᠬᠤ᠂ ᠬᠡᠯᠡ ᠵᠠᠰᠠᠯ᠂ ᠲᠥᠷᠦᠯᠵᠢᠭᠰᠡᠨ ᠰᠤᠪᠢᠯᠠᠬᠤᠢ ᠢᠢᠨ ᠤᠷ᠎ᠠ ᠴᠢᠳᠠᠪᠤᠷᠢ ᠬᠥᠭ᠍ᠵᠢᠭᠦᠯᠬᠦ ᠡᠮᠨᠡᠯ ᠵᠦᠢ ᠢᠢᠨ ᠳᠠᠭᠤᠷᠢᠶᠠᠮᠠᠯ ᠣᠷᠴᠢᠨ᠂ ᠨᠡᠢᠢᠭᠡᠮ ᠦᠨ ᠡᠷᠡᠭᠦᠯ ᠮᠡᠨᠳᠦ ᠢᠢᠨ ᠰᠤᠪᠢᠯᠠᠬᠤᠢ᠂ ᠰᠤᠳᠤᠯᠭ᠎ᠠ᠂ ᠢᠨ᠋᠊ᠨᠣᠸᠠᠼ᠂ ᠪᠡᠶ᠎ᠡ ᠳᠠᠭᠠᠭᠠᠨ ᠰᠤᠷᠤᠯᠴᠠᠬᠤ ᠲᠥᠪ ᠵᠡᠷᠭᠡ ᠲᠡᠢ ᠪᠠᠢᠢᠬᠤ ᠶᠤᠮ᠃
ᠥᠭᠡᠷ᠎ᠡ ᠪᠡᠷ ᠬᠡᠯᠪᠡᠯ᠂ ᠣᠯᠠᠨ ᠤᠯᠤᠰ ᠤᠨ ᠴᠢᠭ᠌ ᠬᠠᠨᠳᠤᠯᠭ᠎ᠠ ᠳᠤ ᠨᠡᠢᠢᠴᠡᠭᠰᠡᠨ ᠢᠵᠢ ᠪᠦᠷᠢᠨ ᠲᠥᠯᠥᠪᠯᠡᠯᠲᠡ᠂ ᠣᠷᠴᠢᠨ ᠦᠶ᠎ᠡ ᠢᠢᠨ ᠰᠢᠢᠳᠦᠯ ᠪᠦᠬᠦᠢ ᠤᠬᠠᠭᠠᠯᠢᠭ ᠰᠢᠰᠲ᠋ᠧᠮ᠂ ᠲᠣᠨᠤᠭ ᠲᠥᠬᠦᠭᠡᠷᠦᠮᠵᠢ ᠲᠡᠢ᠂ ᠰᠤᠪᠢᠯᠠᠭᠴᠢᠳ ᠢ ᠰᠤᠪᠢᠯᠠᠬᠤᠢ ᠢᠢᠨ ᠪᠦᠬᠦ ᠱᠠᠲᠤᠨ ᠤ ᠲᠠᠰᠤᠷᠠᠯᠲᠠ ᠦᠭᠡᠢ ᠰᠤᠷᠭᠠᠯᠲᠠ ᠳᠤ ᠬᠠᠮᠤᠷᠤᠭᠤᠯᠵᠤ᠂ ᠰᠤᠳᠤᠯᠭ᠎ᠠ᠂ ᠬᠥᠭ᠍ᠵᠢᠯ ᠢ ᠨᠢ ᠳᠡᠮᠵᠢᠬᠦ ᠴᠢᠭᠯᠡᠯ ᠢᠶᠡᠷ ᠦᠢᠯᠡ ᠠᠵᠢᠯᠯᠠᠭ᠎ᠠ ᠶᠠᠪᠤᠭᠤᠯᠤᠨ᠎ᠠ᠃
«ᠰᠤᠪᠢᠯᠠᠬᠤᠢ ᠢᠢᠨ ᠰᠤᠷᠭᠠᠯᠲᠠ᠂ ᠰᠤᠳᠤᠯᠭᠠᠨ ᠤ ᠲᠥᠪ» ᠤᠨ ᠪᠠᠷᠢᠯᠭ᠎ᠠ ᠢᠢᠨ ᠠᠵᠢᠯ ᠢ «ᠧᠢᠢᠴ ᠠᠷ ᠸᠢ ᠻᠣᠨ᠋ᠰᠲ᠋ᠷᠠᠻᠱᠨ» ᠬᠢᠵᠠᠭᠠᠷᠯᠠᠭᠳᠠᠮᠠᠯ ᠬᠠᠷᠢᠭᠤᠴᠠᠯᠭᠠᠲᠠᠶ ᠻᠣᠮᠫᠠᠨᠢ ᠭᠦᠢᠴᠡᠳᠬᠡᠵᠦ ᠪᠠᠢᠢᠨ᠎ᠠ᠃




