ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ ᠭᠡᠷᠭᠡᠶ ᠳ᠋ᠣᠷᠢᠰ ᠱᠮᠢᠳᠠ᠊ᠦ᠋ᠧᠷ ᠦᠨ ᠬᠠᠮᠲᠤ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠬᠦ ᠪᠡᠷ ᠬᠦᠷᠦᠯᠴᠡᠨ ᠢᠷᠡᠯ᠎ᠡ᠃
ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ᠂ ᠭᠡᠷᠭᠡᠶ ᠳ᠋ᠣᠷᠢᠰ ᠱᠮᠢᠳᠠ᠊ᠦ᠋ᠧᠷ ᠪᠣᠯᠤᠨ ᠳᠠᠭᠠᠯᠳᠤᠨ ᠶᠠᠪᠤᠭ᠎ᠠ ᠲᠥᠯᠦᠭᠡᠯᠡᠭᠴᠢᠳ ᠢ «ᠴᠢᠩᠬᠢᠰ ᠬᠠᠭᠠᠨ» ᠣᠯᠤᠨ ᠤᠯᠤᠰ ᠤᠨ ᠨᠢᠰᠬᠦ ᠣᠩ᠋ᠭᠤᠴᠠ ᠢᠢᠨ ᠪᠠᠭᠤᠳᠠᠯ ᠳᠤ ᠭᠠᠳᠠᠭᠠᠳᠤ ᠬᠠᠷᠢᠯᠴᠠᠭᠠᠨ ᠤ ᠰᠠᠢᠢᠳ ᠪᠠ᠊·ᠪᠠᠲᠤᠴᠡᠴᠡᠭ᠌᠂ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠠᠴᠠ ᠮᠣᠩ᠋ᠭᠤᠯ ᠤᠯᠤᠰ ᠲᠤ ᠬᠠᠪᠰᠤᠷᠤᠨ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠠᠨ᠋ᠳ᠋ᠷᠧᠶᠠᠰ ᠷᠢᠢᠻᠧᠨ ᠪᠣᠯᠤᠨ ᠠᠯᠪᠠᠨ ᠤ ᠪᠤᠰᠤᠳ ᠬᠦᠮᠦᠰ ᠤᠭᠲᠤᠯ᠎ᠠ᠃ ᠤᠭ ᠠᠢᠢᠯᠴᠢᠯᠠᠯ ᠨᠢ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠶᠡᠷᠦᠩᠬᠡᠢᠢᠯᠡᠭᠴᠢ ᠢᠢᠨ ᠲᠥᠪᠰᠢᠨ ᠳᠥ ᠮᠣᠩ᠋ᠭᠤᠯ ᠤᠯᠤᠰ ᠲᠤ ᠬᠢᠵᠦ ᠪᠤᠢ ᠠᠩᠬᠠᠨ ᠤ ᠲᠥᠷᠦ ᠢᠢᠨ ᠠᠢᠢᠯᠴᠢᠯᠠᠯ ᠶᠤᠮ᠃

