Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠠᠦ᠋ᠰᠲ᠋ᠷᠢᠶ᠎ᠠ ᠤᠯᠤᠰ ᠤᠨ ᠶᠡᠷᠦᠩᠬᠡᠢᠢᠯᠡᠭᠴᠢ ᠢᠢ ᠠᠯᠪᠠᠨ ᠶᠣᠰᠤ ᠪᠠᠷ ᠤᠭᠲᠤᠵᠤ ᠠᠪᠤᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠭᠡᠷᠭᠡᠶ ᠯᠤᠪᠰᠠᠩᠳᠣᠷᠵᠢ ᠢᠢᠨ ᠪᠣᠯᠤᠷᠴᠡᠴᠡᠭ᠌ ᠦᠨ ᠬᠠᠮᠲᠤ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ᠂ ᠭᠡᠷᠭᠡᠶ ᠳ᠋ᠣᠷᠢᠰ ᠱᠮᠢᠳᠠ᠊ᠦ᠋ᠧᠷ ᠨᠠᠷ ᠢ ᠳᠠ᠊·ᠰᠦᠬᠡᠪᠠᠭᠠᠲᠤᠷ ᠤᠨ ᠲᠠᠯᠠᠪᠠᠢ ᠳᠤ ᠤᠭᠲᠤᠵᠤ ᠠᠪᠤᠯ᠎ᠠ᠃

ᠲᠥᠷᠦ ᠢᠢᠨ ᠬᠦᠨᠳᠦᠲᠦ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮ ᠳᠥ ᠬᠣᠶᠠᠷ ᠤᠯᠤᠰ ᠤᠨ ᠲᠥᠷᠦ ᠢᠢᠨ ᠳᠠᠭᠤᠯᠠᠯ ᠡᠭᠡᠰᠢᠭᠯᠡᠪᠡ᠃ ᠶᠡᠷᠦᠩᠬᠡᠢᠢᠯᠡᠭᠴᠢ ᠨᠠᠷ ᠲᠥᠷᠦ ᠢᠢᠨ ᠶᠣᠰᠤᠯᠠᠯ ᠤᠨ ᠴᠡᠷᠢᠭ ᠦᠨ ᠴᠠᠭᠠᠨ ᠲᠤᠭ ᠲᠤ ᠮᠡᠬᠦᠢᠢᠨ ᠶᠤᠰᠤᠯᠠᠵᠤ᠂ ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ ᠲᠥᠷᠦ ᠢᠢᠨ ᠬᠦᠨᠳᠦᠲᠦ ᠬᠠᠷᠠᠭᠤᠯ ᠤᠨ ᠴᠡᠷᠢᠭ ᠦᠳ ᠲᠡᠢ ᠮᠡᠨᠳᠦᠴᠢᠯᠡᠯ᠎ᠡ᠃

ᠲᠥᠷᠦ ᠢᠢᠨ ᠲᠡᠷᠢᠭᠦᠨ ᠨᠠᠷ ᠤᠭᠲᠤᠬᠤ ᠶᠣᠰᠤᠯᠠᠯ ᠳᠤ ᠬᠦᠷᠦᠯᠴᠡᠨ ᠢᠷᠡᠭᠰᠡᠨ ᠮᠣᠩ᠋ᠭᠤᠯ ᠤᠯᠤᠰ ᠪᠣᠯᠤᠨ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠠᠯᠪᠠᠨ ᠤ ᠲᠥᠯᠦᠭᠡᠯᠡᠭᠴᠢᠳ᠂ ᠮᠣᠩ᠋ᠭᠤᠯ ᠤᠯᠤᠰ ᠲᠤ ᠰᠠᠭᠤᠭ᠎ᠠ ᠳ᠋ᠢᠫᠯᠣᠮᠠᠲ ᠲᠥᠯᠦᠭᠡᠯᠡᠭᠴᠢ ᠢᠢᠨ ᠭᠠᠵᠠᠷ ᠤᠳ ᠤᠨ ᠲᠡᠷᠢᠭᠦᠨ᠂ ᠣᠯᠠᠨ ᠤᠯᠤᠰ ᠤᠨ ᠪᠠᠢᠢᠭᠤᠯᠤᠯᠭ᠎ᠠ ᠢᠢᠨ ᠰᠠᠭᠤᠷᠢᠨ ᠲᠥᠯᠦᠭᠡᠯᠡᠭᠴᠢᠳ ᠲᠡᠢ ᠮᠡᠨᠳᠦᠴᠢᠯᠡᠪᠡ᠃ ᠶᠡᠷᠦᠩᠬᠡᠢᠢᠯᠡᠭᠴᠢ ᠨᠠᠷ ᠶᠡᠬᠡ ᠡᠵᠡᠨ ᠴᠢᠩᠬᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠭᠰᠡᠨ ᠦ ᠳᠠᠷᠠᠭ᠎ᠠ ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ ᠲᠥᠷᠦ ᠢᠢᠨ ᠣᠷᠳᠤᠨ ᠤ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠯ᠎ᠠ᠃