Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠠᠦ᠋ᠰᠲ᠋ᠷᠢᠶ᠎ᠡ ᠤᠯᠤᠰ ᠤᠨ ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ ᠨᠠᠷ ᠠᠯᠪᠠᠨ ᠶᠣᠰᠤᠨ ᠤ ᠬᠡᠯᠡᠯᠴᠡᠭᠡ ᠬᠢᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ ᠨᠠᠷ ᠲᠥᠷᠦ ᠢᠢᠨ ᠣᠷᠳᠤᠨ ᠳᠤ ᠠᠯᠪᠠᠨ ᠶᠣᠰᠤᠨ ᠤ ᠬᠡᠯᠡᠯᠴᠡᠭᠡ ᠬᠢᠯ᠎ᠡ᠃

ᠲᠥᠷᠦ ᠢᠢᠨ ᠲᠡᠷᠢᠭᠦᠨ ᠨᠠᠷ ᠠᠷᠠᠳᠴᠢᠯᠠᠯ᠂ ᠬᠦᠮᠦᠨ ᠦ ᠡᠷᠬᠡ᠂ ᠬᠠᠤᠯᠢ ᠳᠡᠭᠡᠳᠦᠯᠡᠬᠦ ᠵᠠᠷᠴᠢᠮ ᠵᠡᠷᠭᠡ ᠨᠡᠢᠢᠲᠡᠯᠢᠭ ᠦᠨᠡᠲᠦ ᠵᠦᠢᠯ ᠳᠥ ᠰᠠᠭᠤᠷᠢᠯᠠᠭᠰᠠᠨ ᠤᠯᠠᠮᠵᠢᠯᠠᠯᠲᠤ ᠨᠠᠢᠢᠷᠰᠠᠭ ᠬᠠᠷᠢᠯᠴᠠᠭᠠᠨ ᠤ ᠣᠯᠤᠯᠲᠠ᠂ ᠠᠮᠵᠢᠯᠲᠠ ᠢᠢ ᠪᠠᠲᠤᠳᠬᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠤᠰ ᠲᠥᠷᠦ᠂ ᠡᠳ᠋ ᠦᠨ ᠵᠠᠰᠠᠭ᠂ ᠬᠤᠳᠠᠯᠳᠤᠭ᠎ᠠ᠂ ᠬᠥᠷᠦᠩ᠋ᠭᠡ ᠣᠷᠤᠭᠤᠯᠤᠯᠲᠠ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠨᠡᠢᠢᠭᠡᠮ ᠦᠨ ᠬᠠᠮᠠᠭᠠᠯᠠᠯ ᠵᠡᠷᠭᠡ ᠰᠠᠯᠪᠤᠷᠢ ᠳᠤ ᠥᠷᠭᠡᠵᠢᠵᠦ ᠪᠠᠢᠢᠭᠠᠳ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠯ᠎ᠡ᠃

ᠲᠠᠯ᠎ᠠ ᠨᠤᠭᠤᠳ ᠮᠣᠩ᠋ᠭᠤᠯ ᠤᠯᠤᠰ ᠤᠨ «ᠠᠯᠤᠰ ᠤᠨ ᠬᠠᠷᠠᠭ᠎ᠠ 2050» ᠤᠷᠲᠤ ᠬᠤᠭᠤᠴᠠᠭᠠᠨ ᠤ ᠬᠥᠭ᠍ᠵᠢᠯ ᠦᠨ ᠪᠣᠳᠤᠯᠭ᠎ᠠ ᠢᠢᠨ ᠵᠣᠷᠢᠯᠲᠠ ᠨᠤᠭᠤᠳ᠂ «ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ»᠂ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ᠂ «ᠢᠯᠡᠭᠡᠯᠲᠡ-2100» ᠲᠡᠳᠬᠦᠯᠭᠡᠳᠦ ᠬᠥᠲᠦᠯᠪᠦᠷᠢ ᠢᠢ ᠦᠷ᠎ᠡ ᠳ᠋ᠦᠩ ᠲᠡᠢ ᠬᠡᠷᠡᠭᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠬᠤ ᠲᠠᠯ᠎ᠠ ᠪᠠᠷ ᠶᠠᠷᠢᠯᠴᠠᠯ᠎ᠠ᠃

ᠳᠡᠳ᠋ ᠪᠦᠲᠦᠴᠡ᠂ ᠨᠡᠢᠢᠭᠡᠮ᠂ ᠬᠦᠮᠦᠨ ᠦ ᠬᠥᠭ᠍ᠵᠢᠯ᠂ ᠡᠷᠡᠭᠦᠯ ᠮᠡᠨᠳᠦ᠂ ᠤᠰᠤ᠂ ᠬᠣᠭ ᠬᠠᠶᠠᠭᠳᠠᠯ᠂ ᠬᠥᠳᠡᠭᠡ ᠠᠵᠤ ᠠᠬᠤᠶ ᠵᠡᠷᠭᠡ ᠰᠠᠯᠪᠤᠷᠢ ᠳᠤ ᠬᠡᠷᠡᠭᠵᠢᠭᠦᠯᠬᠦ ᠲᠥᠰᠦᠯ ᠦᠳ ᠢ ᠳᠡᠮᠵᠢᠭᠰᠡᠨ ᠰᠠᠩᠬᠦᠦ ᠢᠢᠨ ᠬᠠᠮᠲᠤ ᠢᠢᠨ ᠠᠵᠢᠯᠯᠠᠭ᠎ᠠ ᠢᠢ ᠦᠷᠭᠦᠯᠵᠢᠯᠡᠭᠦᠯᠬᠦ ᠪᠡᠷ ᠪᠣᠯᠤᠯ᠎ᠠ᠃

ᠠᠦ᠋ᠰᠲ᠋ᠷᠢᠶ ᠠ ᠤᠯᠤᠰ ᠤᠨ ᠣᠢ ᠢᠢᠨ ᠵᠠᠰᠠᠭᠯᠠᠯ᠂ ᠠᠭᠤᠷ ᠠᠮᠢᠰᠬᠤᠯ ᠳᠤ ᠲᠡᠰᠪᠦᠷᠢᠲᠡᠢ ᠣᠢ ᠮᠣᠳᠤ ᠲᠠᠷᠢᠬᠤ᠂ ᠣᠢ ᠢᠢᠨ ᠮᠧᠨᠧᠵᠮᠧᠨ᠋ᠲ ᠦᠨ ᠲᠤᠷᠰᠢᠯᠭ᠎ᠠ ᠳᠤ ᠲᠤᠯᠭᠠᠭᠤᠷᠢᠯᠠᠨ ᠤᠰᠤᠨ ᠤ ᠨᠥᠭᠡᠴᠡ ᠢᠢ ᠬᠠᠮᠠᠭᠠᠯᠠᠬᠤ᠂ ᠣᠢ ᠢᠢᠨ ᠬᠣᠮᠰᠠᠳᠠᠯ᠂ ᠴᠥᠯᠵᠢᠯᠲᠡ ᠲᠡᠢ ᠲᠡᠮᠡᠴᠡᠬᠦ ᠵᠡᠷᠭᠡ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠡᠷ ᠲᠣᠬᠢᠷᠠᠯᠴᠠᠯ᠎ᠠ᠃

ᠠᠭᠤᠯᠠ ᠠᠭᠤᠷᠬᠠᠶ᠂ ᠠᠰᠢᠭᠲᠤ ᠮᠠᠯᠲᠠᠮᠠᠯ ᠪᠣᠯᠪᠠᠰᠤᠷᠠᠭᠤᠯᠤᠯᠲᠠ᠂ ᠡᠷᠴᠢᠮ ᠬᠦᠴᠦ᠂ ᠴᠠᠬᠢᠮ ᠰᠢᠯᠵᠢᠯᠲᠡ ᠵᠡᠷᠭᠡ ᠴᠢᠭᠯᠡᠯ ᠢᠶᠡᠷ ᠬᠠᠮᠲᠤᠷᠠᠭᠰᠠᠨ ᠰᠤᠳᠤᠯᠭ᠎ᠠ ᠬᠢᠬᠦ᠂ ᠨᠣ᠊ᠦ᠋-ᠬᠠ᠊ᠦ᠋ ᠪᠣᠯᠤᠨ ᠲᠧᠭᠨᠣᠯᠤᠭᠢ ᠨᠡᠪᠲᠡᠷᠡᠭᠦᠯᠵᠦ᠂ ᠬᠠᠮᠲᠤ ᠢᠢᠨ ᠠᠵᠢᠯᠯᠠᠭ᠎ᠠ ᠢᠢ ᠡᠷᠴᠢᠮᠵᠢᠭᠦᠯᠬᠦ ᠪᠡᠨ ᠨᠤᠲᠠᠯᠠᠯ᠎ᠠ᠃

ᠠᠶᠠᠯᠠᠯ ᠵᠢᠭᠤᠯᠴᠢᠯᠠᠯ ᠤᠨ ᠪᠦᠰᠡ ᠨᠤᠲᠤᠭ᠂ ᠪᠦᠲᠦᠭᠡᠭ᠍ᠳᠡᠬᠦᠨ᠂ ᠦᠢᠯᠡᠴᠢᠯᠡᠭᠡ᠂ ᠠᠭᠤᠯᠠ ᠢᠢᠨ ᠪᠣᠯᠤᠨ ᠡᠪᠦᠯ ᠦᠨ ᠠᠶᠠᠯᠠᠯ ᠵᠢᠭᠤᠯᠴᠢᠯᠠᠯ ᠬᠥᠭ᠍ᠵᠢᠭᠦᠯᠬᠦ᠂ ᠪᠣᠯᠪᠠᠰᠤᠷᠠᠯ᠂ ᠰᠤᠷᠭᠠᠯᠲᠠ ᠵᠣᠬᠢᠶᠠᠨ ᠪᠠᠢᠢᠭᠤᠯᠵᠤ᠂ ᠲᠤᠷᠰᠢᠯᠭ᠎ᠠ ᠰᠣᠯᠢᠯᠴᠠᠬᠤ ᠪᠠᠷ ᠪᠣᠯᠤᠯ᠎ᠠ᠃

ᠰᠢᠨᠵᠢᠯᠡᠬᠦ ᠤᠬᠠᠭᠠᠨ᠂ ᠰᠤᠳᠤᠯᠭᠠᠨ ᠤ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠵᠦ᠂ ᠮᠣᠩ᠋ᠭᠤᠯ ᠤᠯᠤᠰ ᠤᠨ «ᠢᠯᠡᠭᠡᠯᠲᠡ-2100» ᠲᠡᠳᠬᠦᠯᠭᠡᠳᠦ ᠬᠥᠲᠦᠯᠪᠦᠷᠢ ᠢᠢᠨ ᠬᠦᠷᠢᠶᠡᠨ ᠳᠥ ᠮᠣᠩ᠋ᠭᠤᠯ ᠣᠶᠤᠲᠠᠨ ᠨᠤᠭᠤᠳ ᠢ ᠠᠦ᠋ᠰᠲ᠋ᠷᠢᠶ ᠠ ᠤᠯᠤᠰ ᠲᠤ ᠳᠡᠭᠡᠳᠦ ᠪᠣᠯᠪᠠᠰᠤᠷᠠᠯ ᠡᠵᠡᠮᠰᠢᠭᠦᠯᠬᠦ᠂ ᠬᠣᠶᠠᠷ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠡᠷ ᠪᠣᠯᠤᠯ᠎ᠠ᠃ ᠣᠯᠠᠨ ᠤᠯᠤᠰ᠂ ᠪᠦᠰᠡ ᠨᠤᠲᠤᠭ ᠤᠨ ᠲᠥᠪᠰᠢᠨ ᠳᠥ ᠬᠣᠶᠠᠷ ᠲᠠᠯ᠎ᠠ ᠠᠴᠠ ᠳᠡᠪᠰᠢᠭᠦᠯᠦᠭᠰᠡᠨ ᠰᠠᠨᠠᠯ᠂ ᠰᠠᠨᠠᠭᠠᠴᠢᠯᠠᠭ᠎ᠠ ᠨᠤᠭᠤᠳ ᠢ ᠬᠠᠮᠲᠤᠷᠠᠨ ᠬᠡᠷᠡᠭᠵᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠠᠯᠳᠠᠭᠳᠠᠯ ᠲᠠᠢ ᠲᠡᠮᠡᠴᠡᠬᠦ ᠵᠡᠷᠭᠡ ᠳᠡᠯᠡᠬᠡᠶ ᠨᠡᠢᠢᠲᠡ ᠳᠥ ᠲᠤᠯᠭᠠᠮᠳᠠᠵᠤ ᠪᠤᠢ ᠰᠣᠷᠢᠯᠲᠠ ᠨᠤᠭᠤᠳ ᠢ ᠰᠢᠢᠳᠪᠦᠷᠢᠯᠡᠬᠦ ᠳᠥ ᠴᠢᠭᠯᠡᠭᠰᠡᠨ ᠣᠯᠠᠨ ᠤᠯᠤᠰ ᠤᠨ ᠬᠠᠮᠲᠤ ᠢᠢᠨ ᠨᠡᠢᠢᠭᠡᠮᠯᠢᠭ᠌ ᠦᠨ ᠬᠦᠴᠦ ᠴᠢᠷᠮᠠᠢᠢᠯᠲᠠ ᠳᠤ ᠬᠠᠮᠲᠤ ᠢᠢᠨ ᠬᠤᠪᠢ ᠨᠡᠮᠡᠷᠢ ᠪᠡᠨ ᠣᠷᠤᠭᠤᠯᠬᠤ ᠪᠠᠨ ᠨᠤᠲᠠᠯᠠᠯ᠎ᠠ᠃