ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ ᠦ ᠮᠣᠩ᠋ᠭᠤᠯ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠲᠠᠯ᠎ᠠ ᠨᠤᠭᠤᠳ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠯ᠎ᠠ᠃
«ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠬᠣᠭᠤᠷᠤᠨᠳᠤ ᠢᠢᠨ ᠬᠠᠮᠲᠤᠷᠠᠭᠰᠠᠨ ᠲᠤᠩᠬᠠᠭᠯᠠᠯ» ᠳ᠋ᠤ ᠮᠣᠩ᠋ᠭᠤᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠠᠦ᠋ᠰᠲ᠋ᠷᠢᠶ ᠠ ᠢᠢᠨ ᠲᠠᠯ᠎ᠠ ᠠᠴᠠ ᠧᠦ᠋ᠷᠣᠫᠠ᠂ ᠣᠯᠠᠨ ᠤᠯᠤᠰ ᠤᠨ ᠬᠠᠷᠢᠯᠴᠠᠭᠠᠨ ᠤ ᠶᠠᠮᠤᠨ ᠤ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠨᠢᠻᠣᠯᠠ᠊ᠦ᠋ᠰ ᠮᠠᠷᠱᠢᠻ᠂
1. «ᠮᠣᠩ᠋ᠭᠤᠯ᠂ ᠠᠦ᠋ᠰᠲ᠋ᠷᠢᠶ ᠠ ᠢᠢᠨ ᠬᠠᠮᠲᠤᠷᠠᠭᠰᠠᠨ ᠲᠤᠩᠬᠠᠭᠯᠠᠯ»
ᠲᠠᠯ᠎ᠠ ᠨᠤᠭᠤᠳ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ᠂ ᠧᠦ᠋ᠷᠣᠫᠠ ᠢᠢᠨ ᠠᠶᠤᠯ ᠦᠭᠡᠢ ᠪᠠᠢᠢᠳᠠᠯ᠂ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠦᠨᠳᠦᠰᠦᠨ ᠵᠠᠷᠴᠢᠮ ᠤᠳ ᠪᠣᠯᠤᠨ ᠬᠦᠮᠦᠨ ᠦ ᠡᠷᠬᠡ ᠵᠡᠷᠭᠡ ᠣᠯᠠᠨ ᠤᠯᠤᠰ ᠤᠨ ᠡᠷᠬᠡ ᠵᠦᠢ ᠢᠢ ᠳᠡᠭᠡᠳᠦᠯᠡᠬᠦ᠂ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠬᠦᠷᠢᠶᠡᠨ ᠳᠥ ᠣᠯᠠᠨ ᠲᠠᠯᠠᠳᠤ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠬᠦᠮᠦᠨ ᠦ ᠡᠷᠬᠡ᠂ ᠡᠷᠬᠡ ᠴᠢᠯᠦᠭᠡ ᠢᠢ ᠪᠠᠲᠤᠳᠬᠠᠬᠤ᠂ ᠳᠠᠶᠠᠩ ᠳᠡᠯᠡᠬᠡᠶ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ ᠢ ᠬᠠᠩ᠋ᠭᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠤᠨ ᠬᠣᠷᠤᠭᠳᠠᠯ ᠲᠠᠢ ᠲᠡᠮᠡᠴᠡᠬᠦ ᠵᠡᠷᠭᠡ ᠳᠡᠯᠡᠬᠡᠶ ᠨᠡᠢᠢᠲᠡ ᠳᠥ ᠲᠤᠯᠭᠠᠷᠠᠭᠰᠠᠨ ᠰᠣᠷᠢᠯᠲᠠ ᠨᠤᠭᠤᠳ ᠢ ᠰᠢᠢᠳᠪᠦᠷᠢᠯᠡᠬᠦ᠂ ᠣᠯᠠᠨ ᠤᠯᠤᠰ ᠤᠨ ᠬᠦᠮᠦᠨᠯᠢᠭ ᠦᠨ ᠡᠷᠬᠡ ᠵᠦᠢ ᠢᠢᠨ ᠬᠡᠷᠡᠭᠵᠢᠯᠲᠡ ᠢᠢ ᠦᠷ᠎ᠡ ᠳ᠋ᠦᠩ ᠲᠡᠢ ᠬᠠᠩ᠋ᠭᠠᠬᠤ᠂ ᠲᠣᠭᠲᠠᠪᠤᠷᠢ ᠲᠠᠢ ᠬᠥᠭ᠍ᠵᠢᠯ ᠢ ᠴᠣᠭᠴᠠᠯᠠᠭᠠᠬᠤ ᠢᠢᠨ ᠲᠥᠯᠦᠭᠡᠬᠢ ᠨᠡᠢᠢᠲᠡᠯᠢᠭ ᠡᠭᠦᠷᠭᠡ᠂ ᠠᠮᠠᠯᠠᠯᠲᠠ ᠪᠠᠨ ᠨᠤᠲᠠᠯᠠᠯ᠎ᠠ᠃
ᠮᠣᠩ᠋ᠭᠤᠯ ᠤᠯᠤᠰ ᠤᠨ ᠡᠩᠬᠡ ᠢᠢ ᠡᠷᠬᠢᠮᠯᠡᠭᠰᠡᠨ᠂ ᠪᠡᠶ᠎ᠡ ᠳᠠᠭᠠᠭᠠᠭᠰᠠᠨ᠂ ᠨᠡᠭᠡᠭᠡᠯᠲᠡᠲᠡᠢ᠂ ᠣᠯᠠᠨ ᠲᠤᠯᠭᠠᠭᠤᠷᠢᠳᠤ ᠭᠠᠳᠠᠭᠠᠳᠤ ᠪᠣᠳᠤᠯᠭ᠎ᠠ ᠢᠢᠨ ᠵᠠᠷᠴᠢᠮ ᠪᠣᠯᠤᠨ «ᠭᠤᠷᠪᠠᠳᠠᠭᠴᠢ ᠬᠥᠷᠰᠢ» ᠢᠢᠨ ᠪᠣᠳᠤᠯᠭ᠎ᠠ ᠢᠢ ᠠᠦ᠋ᠰᠲ᠋ᠷᠢᠶ ᠠ ᠤᠯᠤᠰ ᠤᠨ ᠳᠠᠶᠠᠩ ᠳᠡᠯᠡᠬᠡᠶ ᠢᠢᠨ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠲᠣᠭᠲᠠᠪᠤᠷᠢ ᠲᠠᠢ ᠬᠥᠭ᠍ᠵᠢᠯ ᠢ ᠪᠡᠬᠢᠵᠢᠭᠦᠯᠬᠦ ᠳᠥ ᠴᠢᠭᠯᠡᠭᠰᠡᠨ ᠲᠤᠭᠤᠰᠢᠲᠠᠢ ᠪᠣᠳᠤᠯᠭ᠎ᠠ᠂ ᠦᠢᠯᠡ ᠠᠵᠢᠯᠯᠠᠭ᠎ᠠ ᠲᠠᠢ ᠤᠶᠠᠯᠳᠤᠭᠤᠯᠵᠤ᠂ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠪᠡᠨ ᠲᠤᠩᠬᠠᠭᠯᠠᠯᠠ᠃
2. «ᠨᠡᠢᠢᠭᠡᠮ ᠦᠨ ᠬᠠᠮᠠᠭᠠᠯᠠᠯ ᠤᠨ ᠲᠤᠬᠠᠶ ᠮᠣᠩ᠋ᠭᠤᠯ ᠤᠯᠤᠰ ᠪᠣᠯᠤᠨ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠬᠣᠭᠤᠷᠤᠨᠳᠤ ᠢᠢᠨ ᠬᠡᠯᠡᠯᠴᠡᠭᠡᠷ» ᠲ᠋ᠥ
ᠮᠣᠩ᠋ᠭᠤᠯ ᠤᠨ ᠲᠠᠯ᠎ᠠ ᠠᠴᠠ ᠭᠡᠷ ᠪᠦᠯᠦ᠂ ᠬᠥᠳᠡᠯᠮᠦᠷᠢ᠂ ᠨᠡᠢᠢᠭᠡᠮ ᠦᠨ ᠬᠠᠮᠠᠭᠠᠯᠠᠯ ᠤᠨ ᠰᠠᠢᠢᠳ ᠯᠤᠪᠰᠠᠩᠴᠡᠷᠢᠩ ᠦᠨ ᠡᠩᠬᠡ-ᠠᠮᠤᠭᠤᠯᠠᠩ᠂ ᠠᠦ᠋ᠰᠲ᠋ᠷᠢᠶ ᠠ ᠢᠢᠨ ᠲᠠᠯ᠎ᠠ ᠠᠴᠠ ᠧᠦ᠋ᠷᠣᠫᠠ᠂ ᠣᠯᠠᠨ ᠤᠯᠤᠰ ᠤᠨ ᠬᠠᠷᠢᠯᠴᠠᠭᠠᠨ ᠤ ᠶᠠᠮᠤᠨ ᠤ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠨᠢᠻᠣᠯᠠ᠊ᠦ᠋ᠰ ᠮᠠᠷᠱᠢᠻ᠂
ᠬᠣᠶᠠᠷ ᠤᠯᠤᠰ ᠤᠨ ᠢᠷᠭᠡᠳ ᠦᠨ ᠨᠡᠢᠢᠭᠡᠮ ᠦᠨ ᠪᠠᠲᠤᠯᠠᠭ᠎ᠠ ᠢᠢ ᠬᠠᠩ᠋ᠭᠠᠬᠤ᠂ ᠠᠵᠢᠯᠯᠠᠵᠤ᠂ ᠠᠮᠢᠳᠤᠷᠠᠬᠤ ᠲᠠᠭᠠᠲᠠᠢ ᠨᠥᠬᠦᠴᠡᠯ᠂ ᠪᠣᠯᠤᠮᠵᠢ ᠢᠢ ᠪᠦᠷᠢᠳᠦᠭᠦᠯᠬᠦ᠂ ᠮᠣᠩ᠋ᠭᠤᠯ ᠪᠣᠯᠤᠨ ᠠᠦ᠋ᠰᠲ᠋ᠷᠢᠶ ᠠ ᠤᠯᠤᠰ ᠲᠤ ᠨᠡᠢᠢᠭᠡᠮ ᠦᠨ ᠳᠠᠭᠠᠳᠬᠠᠯ ᠤᠨ ᠰᠢᠮᠡᠳᠬᠡᠯ ᠲᠥᠯᠦᠭᠰᠡᠨ ᠬᠤᠭᠤᠴᠠᠭᠠᠨ ᠳᠤ ᠨᠣᠭᠳᠠᠬᠤ ᠲᠡᠳᠬᠦᠪᠦᠷᠢ ᠠᠪᠬᠤ ᠡᠷᠬᠡ ᠵᠦᠢ ᠢᠢᠨ ᠨᠥᠬᠦᠴᠡᠯ ᠪᠦᠷᠢᠳᠦᠯ᠎ᠡ᠃
3· «ᠳ᠋ᠢᠫᠯᠣᠮᠠᠲ ᠫᠠᠰᠫᠣᠷᠲ ᠡᠵᠡᠮᠰᠢᠭᠴᠢᠳ ᠢ ᠸᠢᠰᠠ ᠢᠢᠨ ᠱᠠᠭᠠᠷᠳᠠᠯᠭ᠎ᠠ ᠠᠴᠠ ᠴᠢᠯᠦᠭᠡᠯᠡᠬᠦ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ
ᠮᠣᠩ᠋ᠭᠤᠯ ᠤᠨ ᠲᠠᠯ᠎ᠠ ᠠᠴᠠ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠠᠦ᠋ᠰᠲ᠋ᠷᠢᠶ ᠠ ᠢᠢᠨ ᠲᠠᠯ᠎ᠠ ᠠᠴᠠ ᠧᠦ᠋ᠷᠣᠫᠠ᠂ ᠣᠯᠠᠨ ᠤᠯᠤᠰ ᠤᠨ ᠬᠠᠷᠢᠯᠴᠠᠭᠠᠨ ᠤ ᠶᠠᠮᠤᠨ ᠤ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠨᠢᠻᠣᠯᠠ᠊ᠦ᠋ᠰ ᠮᠠᠷᠱᠢᠻ᠂
ᠬᠣᠶᠠᠷ ᠤᠯᠤᠰ ᠤᠨ ᠳ᠋ᠢᠫᠯᠣᠮᠠᠲ ᠫᠠᠰᠫᠣᠷᠲ ᠡᠵᠡᠮᠰᠢᠭᠴᠢ ᠢᠷᠭᠡᠳ 180 ᠬᠣᠨᠤᠭ ᠤᠨ ᠬᠤᠭᠤᠴᠠᠭᠠᠨ ᠳᠤ 90 ᠬᠦᠷᠲᠡᠯᠡᠬᠢ ᠬᠣᠨᠤᠭ ᠬᠠᠷᠢᠯᠴᠠᠨ ᠸᠢᠰᠠ ᠦᠭᠡᠢ ᠵᠣᠷᠴᠢᠬᠤ ᠨᠥᠬᠦᠴᠡᠯ ᠪᠦᠷᠢᠳᠦᠨ᠎ᠡ᠃ ᠬᠡᠯᠡᠯᠴᠡᠭᠡᠷ ᠨᠢ ᠬᠢᠯᠢ ᠢᠢᠨ ᠴᠢᠨᠠᠳᠤ ᠳᠤ ᠵᠣᠷᠴᠢᠬᠤ ᠢᠷᠭᠡᠳ ᠦᠨ ᠸᠢᠰᠠ ᠢᠢᠨ ᠨᠥᠬᠦᠴᠡᠯ ᠢ ᠬᠥᠩ᠋ᠭᠡᠪᠴᠢᠯᠡᠬᠦ᠂ «ᠬᠦᠴᠦᠷᠬᠡᠭ᠌ ᠮᠣᠩ᠋ᠭᠤᠯ ᠫᠠᠰᠫᠣᠷᠲ» ᠵᠣᠷᠢᠯᠲᠠ ᠢᠢᠨ ᠬᠦᠷᠢᠶᠡᠨ ᠳᠥ ᠮᠣᠩ᠋ᠭᠤᠯ ᠤᠯᠤᠰ ᠤᠨ ᠢᠷᠭᠡᠳ ᠸᠢᠰᠠ ᠦᠭᠡᠢ ᠵᠣᠷᠴᠢᠬᠤ ᠤᠯᠤᠰ ᠤᠨ ᠲᠣᠭ᠎ᠠ ᠢᠢ ᠨᠡᠮᠡᠭᠳᠡᠭᠦᠯᠬᠦ ᠠᠴᠢ ᠬᠣᠯᠪᠤᠭᠳᠠᠯ ᠲᠠᠢ᠃
4. «ᠬᠠᠤᠯᠢ ᠪᠤᠰᠤ ᠪᠠᠷ ᠣᠷᠤᠰᠢᠨ ᠰᠠᠭᠤᠭ᠎ᠠ ᠢᠷᠭᠡᠳ ᠢ ᠪᠤᠴᠠᠭᠠᠨ ᠰᠢᠯᠵᠢᠭᠦᠯᠬᠦ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ
ᠮᠣᠩ᠋ᠭᠤᠯ ᠤᠨ ᠲᠠᠯ᠎ᠠ ᠠᠴᠠ ᠮᠣᠩ᠋ᠭᠤᠯ ᠤᠯᠤᠰ ᠠᠴᠠ ᠠᠦ᠋ᠰᠲ᠋ᠷᠢᠶ ᠠ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠮᠢᠵᠣᠳᠳᠣᠷᠵᠢ ᠢᠢᠨ ᠴᠡᠩ᠋ᠭᠡᠭ᠌᠂ ᠠᠦ᠋ᠰᠲ᠋ᠷᠢᠶ ᠠ ᠢᠢᠨ ᠲᠠᠯ᠎ᠠ ᠠᠴᠠ ᠧᠦ᠋ᠷᠣᠫᠠ᠂ ᠣᠯᠠᠨ ᠤᠯᠤᠰ ᠤᠨ ᠬᠠᠷᠢᠯᠴᠠᠭᠠᠨ ᠤ ᠶᠠᠮᠤᠨ ᠤ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠨᠢᠻᠣᠯᠠ᠊ᠦ᠋ᠰ ᠮᠠᠷᠱᠢᠻ᠂
ᠬᠠᠤᠯᠢ ᠪᠤᠰᠤ ᠪᠠᠷ ᠣᠷᠤᠰᠢᠨ ᠰᠠᠭᠤᠭ᠎ᠠ ᠢᠷᠭᠡᠳ ᠢ ᠪᠤᠴᠠᠭᠠᠨ ᠰᠢᠯᠵᠢᠭᠦᠯᠬᠦ ᠬᠦᠰᠡᠯᠲᠡ ᠢᠢ ᠵᠣᠬᠢᠬᠤ ᠵᠢᠷᠤᠮ ᠤᠨ ᠳᠠᠭᠠᠭᠤ ᠭᠠᠷᠭᠠᠬᠤ ᠡᠷᠬᠡ ᠵᠦᠢ ᠢᠢᠨ ᠣᠷᠴᠢᠨ ᠪᠦᠷᠢᠳᠦᠵᠦ᠂ ᠰᠢᠯᠵᠢᠯᠲᠡ ᠬᠥᠳᠡᠯᠭᠡᠭᠡᠨ ᠢ ᠬᠠᠤᠯᠢ ᠶᠣᠰᠤᠨ ᠤ ᠳᠠᠭᠠᠭᠤ ᠪᠣᠯᠭᠠᠬᠤ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ᠎ᠡ᠃
5. «ᠰᠠᠩᠬᠦᠦ ᠢᠢᠨ ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠰᠠᠩ ᠤᠨ ᠶᠠᠮᠤ᠂ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠰᠠᠩ ᠤᠨ ᠶᠠᠮᠤ ᠬᠣᠭᠤᠷᠤᠨᠳᠤ ᠢᠢᠨ ᠡᠷᠡᠮᠡᠯᠵᠡᠯ ᠦᠨ ᠵᠠᠬᠢᠳᠠᠯ» ᠳ᠋ᠤ
ᠮᠣᠩ᠋ᠭᠤᠯ ᠤᠨ ᠲᠠᠯ᠎ᠠ ᠠᠴᠠ ᠰᠠᠩ ᠤᠨ ᠰᠠᠢᠢᠳ ᠪᠣᠯᠤᠳ ᠤᠨ ᠵᠢᠪᠬᠤᠯᠠᠩ᠂ ᠠᠦ᠋ᠰᠲ᠋ᠷᠢᠶ ᠠ ᠢᠢᠨ ᠲᠠᠯ᠎ᠠ ᠠᠴᠠ ᠧᠦ᠋ᠷᠣᠫᠠ᠂ ᠣᠯᠠᠨ ᠤᠯᠤᠰ ᠤᠨ ᠬᠠᠷᠢᠯᠴᠠᠭᠠᠨ ᠤ ᠶᠠᠮᠤᠨ ᠤ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠨᠢᠻᠣᠯᠠ᠊ᠦ᠋ᠰ ᠮᠠᠷᠱᠢᠻ᠂
ᠠᠦ᠋ᠰᠲ᠋ᠷᠢᠶ ᠠ ᠢᠢᠨ ᠵᠠᠰᠠᠭ ᠤᠨ ᠭᠠᠵᠠᠷ ᠲᠠᠢ ᠪᠠᠢᠢᠭᠤᠯᠤᠭᠰᠠᠨ 40 ᠰᠠᠶ᠎ᠠ ᠧᠦ᠋ᠷᠣ᠋ ᠢᠢᠨ ᠰᠠᠩᠬᠦᠦ ᠢᠢᠨ ᠬᠠᠮᠲᠤ ᠢᠢᠨ ᠠᠵᠢᠯᠯᠠᠭᠠᠨ ᠤ ᠬᠡᠯᠡᠯᠴᠡᠭᠡᠷ ᠳᠠᠭᠤᠰᠤᠭᠰᠠᠨ ᠲᠠᠢ ᠬᠣᠯᠪᠤᠭ᠎ᠠ ᠲᠠᠢ ᠪᠠᠷ ᠳᠠᠷᠠᠭ᠎ᠠ ᠢᠢᠨ ᠬᠡᠯᠡᠯᠴᠡᠭᠡᠷ ᠪᠠᠢᠢᠭᠤᠯᠬᠤ ᠡᠷᠡᠮᠡᠯᠵᠡᠯ ᠢ ᠪᠠᠲᠤᠳᠬᠠᠯᠠ᠃ ᠵᠢᠭᠡᠯᠡ ᠢᠢᠨ ᠶᠡᠷᠦᠩᠬᠡᠶ ᠬᠡᠯᠡᠯᠴᠡᠭᠡᠷ ᠦᠨ ᠰᠠᠩᠬᠦᠵᠢᠯᠲᠡ ᠢᠢ ᠡᠷᠡᠭᠦᠯ ᠮᠡᠨᠳᠦ᠂ ᠡᠮᠨᠡᠯᠭᠡ ᠢᠢᠨ ᠲᠣᠨᠤᠭ ᠲᠥᠬᠦᠭᠡᠷᠦᠮᠵᠢ᠂ ᠳᠡᠳ᠋ ᠪᠦᠲᠦᠴᠡ᠂ ᠬᠥᠳᠡᠭᠡ ᠠᠵᠤ ᠠᠬᠤᠶ᠂ ᠪᠣᠯᠪᠠᠰᠤᠷᠠᠯ ᠵᠡᠷᠭᠡ ᠰᠠᠯᠪᠤᠷᠢ ᠳᠤ ᠵᠠᠷᠤᠴᠠᠭᠤᠯᠬᠤ ᠴᠢᠭᠯᠡᠯ ᠢᠶᠡᠷ ᠬᠠᠮᠲᠤᠷᠠᠨ ᠠᠵᠢᠯᠯᠠᠨ᠎ᠠ᠃
6. «ᠰᠢᠨᠡᠯᠢᠭ ᠲᠧᠭᠨᠣᠯᠤᠭᠢ᠂ ᠠᠭᠤᠯᠠ ᠠᠭᠤᠷᠬᠠᠶ᠂ ᠠᠰᠢᠭᠲᠤ ᠮᠠᠯᠲᠠᠮᠠᠯ᠂ ᠰᠢᠯᠢᠳᠡᠭ ᠲᠤᠷᠰᠢᠯᠭ᠎ᠠ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠶᠠᠮᠤ ᠪᠣᠯᠤᠨ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠬᠣᠯᠪᠤᠭᠠᠨ ᠤ ᠰᠠᠩ ᠤᠨ ᠶᠠᠮᠤ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠨ ᠲᠠᠯ᠎ᠠ ᠠᠴᠠ ᠠᠵᠤ ᠦᠢᠯᠡᠳᠪᠦᠷᠢ᠂ ᠡᠷᠦᠳᠡᠰᠦ ᠪᠠᠶᠠᠯᠢᠭ ᠤᠨ ᠰᠠᠢᠢᠳ ᠴᠡᠪᠡᠭ᠍ᠳᠣᠷᠵᠢ ᠢᠢᠨ ᠲᠤᠸᠠᠩ᠂ ᠠᠦ᠋ᠰᠲ᠋ᠷᠢᠶ ᠠ ᠢᠢᠨ ᠲᠠᠯ᠎ᠠ ᠠᠴᠠ ᠧᠦ᠋ᠷᠣᠫᠠ᠂ ᠣᠯᠠᠨ ᠤᠯᠤᠰ ᠤᠨ ᠬᠠᠷᠢᠯᠴᠠᠭᠠᠨ ᠤ ᠶᠠᠮᠤᠨ ᠤ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠨᠢᠻᠣᠯᠠ᠊ᠦ᠋ᠰ ᠮᠠᠷᠱᠢᠻ᠂
ᠠᠭᠤᠯᠠ ᠠᠭᠤᠷᠬᠠᠶ᠂ ᠠᠰᠢᠭᠲᠤ ᠮᠠᠯᠲᠠᠮᠠᠯ ᠤᠨ ᠰᠠᠯᠪᠤᠷᠢ ᠳᠤ ᠰᠢᠨᠡᠯᠢᠭ ᠲᠧᠭᠨᠣᠯᠤᠭᠢ᠂ ᠰᠢᠯᠢᠳᠡᠭ ᠲᠤᠷᠰᠢᠯᠭ᠎ᠠ ᠰᠤᠳᠤᠯᠬᠤ᠂ ᠨᠡᠪᠲᠡᠷᠡᠭᠦᠯᠬᠦ᠂ ᠬᠠᠮᠲᠤᠷᠠᠭᠰᠠᠨ ᠰᠤᠳᠤᠯᠭ᠎ᠠ᠂ ᠰᠢᠨᠵᠢᠯᠡᠭᠡ ᠬᠢᠬᠦ᠂ ᠮᠡᠷᠭᠡᠵᠢᠯᠲᠡᠨ ᠨᠦᠭᠦᠳ ᠢ ᠰᠤᠷᠭᠠᠬᠤ ᠴᠢᠭᠯᠡᠯ ᠢᠶᠡᠷ ᠬᠠᠮᠲᠤᠷᠠᠨ᠎ᠠ᠃
ᠰᠤᠳᠤᠯᠭ᠎ᠠ᠂ ᠰᠢᠨᠵᠢᠯᠡᠭᠡᠨ ᠦ ᠪᠠᠢᠢᠭᠤᠯᠤᠯᠭ᠎ᠠ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠪᠤᠢ ᠪᠣᠯᠭᠠᠬᠤ᠂ ᠲᠥᠰᠦᠯ᠂ ᠬᠥᠲᠦᠯᠪᠦᠷᠢ ᠬᠡᠷᠡᠭᠵᠢᠭᠦᠯᠬᠦ᠂ ᠬᠠᠶᠠᠭᠳᠠᠯ ᠪᠣᠯᠪᠠᠰᠤᠷᠠᠭᠤᠯᠬᠤ ᠦᠢᠯᠡᠳᠪᠦᠷᠢ ᠨᠦᠭᠦᠳ ᠦᠨ ᠲᠥᠯᠥᠪᠯᠡᠯᠲᠡ᠂ ᠪᠠᠷᠢᠯᠭ᠎ᠠ᠂ ᠦᠢᠯᠡ ᠠᠵᠢᠯᠯᠠᠭ᠎ᠠ ᠢᠢ ᠳᠡᠮᠵᠢᠭᠰᠡᠨ ᠲᠥᠰᠦᠯ ᠦᠳ ᠬᠡᠷᠡᠭᠵᠢᠭᠦᠯᠬᠦ᠂ ᠲᠣᠭᠲᠠᠪᠤᠷᠢ ᠲᠠᠢ ᠡᠷᠴᠢᠮ ᠬᠦᠴᠦᠨ ᠦ ᠲᠧᠭᠨᠣᠯᠤᠭᠢ ᠬᠥᠭ᠍ᠵᠢᠭᠦᠯᠬᠦ᠂ ᠻᠢᠪᠧᠷ ᠠᠶᠤᠯ ᠦᠭᠡᠢ ᠪᠠᠢᠢᠳᠠᠯ ᠢ ᠬᠠᠩ᠋ᠭᠠᠬᠤ᠂ ᠵᠢᠵᠢᠭ᠂ ᠳᠤᠮᠳᠠ ᠦᠢᠯᠡᠳᠪᠦᠷᠢ ᠨᠦᠭᠦᠳ ᠢ ᠴᠠᠬᠢᠮᠵᠢᠭᠤᠯᠬᠤ᠂ ᠠᠭᠤᠯᠠ ᠠᠭᠤᠷᠬᠠᠶ᠂ ᠡᠷᠦᠳᠡᠰᠦ ᠪᠠᠶᠠᠯᠢᠭ ᠤᠨ ᠰᠠᠯᠪᠤᠷᠢ ᠳ᠋ᠠᠬᠢ ᠢᠨ᠋ᠵᠧᠨ᠋᠋ᠧᠷ ᠦᠨ ᠦᠢᠯᠡ ᠠᠵᠢᠯᠯᠠᠭ᠎ᠠ ᠢᠢ ᠬᠥᠭ᠍ᠵᠢᠭᠦᠯᠬᠦ ᠳᠥ ᠬᠠᠮᠲᠤᠷᠠᠨ ᠠᠵᠢᠯᠯᠠᠬᠤ ᠪᠠᠷ ᠲᠣᠬᠢᠷᠠᠯᠴᠠᠭᠰᠠᠨ ᠪᠥᠭᠡᠳ ᠬᠠᠮᠲᠤ ᠢᠢᠨ ᠠᠵᠢᠯᠯᠠᠭ᠎ᠠ ᠢᠢ ᠬᠡᠷᠡᠭᠵᠢᠭᠦᠯᠬᠦ ᠵᠣᠷᠢᠯᠭ᠎ᠠ ᠪᠠᠷ ᠬᠠᠮᠲᠤᠷᠠᠭᠰᠠᠨ ᠠᠵᠢᠯ ᠤᠨ ᠬᠡᠰᠡᠭ ᠪᠠᠢᠢᠭᠤᠯᠤᠨ᠎ᠠ᠃
7. «ᠰᠢᠨᠵᠢᠯᠡᠬᠦ ᠤᠬᠠᠭᠠᠨ ᠤ ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠪᠣᠯᠤᠨ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠬᠣᠭᠤᠷᠤᠨᠳᠤ ᠢᠢᠨ ᠬᠡᠯᠡᠯᠴᠡᠭᠡᠷ» ᠲ᠋ᠥ
ᠮᠣᠩ᠋ᠭᠤᠯ ᠤᠨ ᠲᠠᠯ᠎ᠠ ᠠᠴᠠ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ᠂ ᠳ᠋ᠣᠻᠲ᠋ᠤᠷ ᠰᠣᠳᠨᠠᠮᠰᠠᠮᠪᠤᠤ ᠢᠢᠨ ᠳᠡᠮᠪᠡᠷᠢᠯ᠂ ᠠᠦ᠋ᠰᠲ᠋ᠷᠢᠶ ᠠ ᠢᠢᠨ ᠲᠠᠯ᠎ᠠ ᠠᠴᠠ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠾᠧᠶᠢᠨ᠋ᠽ ᠹᠠᠰᠰᠮᠠᠨ᠋ᠨ᠂
ᠰᠢᠨᠡᠴᠢᠯᠠᠭᠰᠡᠨ ᠬᠡᠯᠡᠯᠴᠡᠭᠡᠷ ᠦᠨ ᠬᠦᠷᠢᠶᠡᠨ ᠳᠥ ᠬᠠᠮᠲᠤ ᠢᠢᠨ ᠠᠵᠢᠯᠯᠠᠭᠠᠨ ᠤ ᠴᠠᠷ ᠬᠦᠷᠢᠶ᠎ᠡ ᠥᠷᠭᠡᠵᠢᠵᠦ᠂ ᠤᠯᠠᠮᠵᠢᠯᠠᠯᠲᠤ ᠪᠣᠯᠤᠨ ᠰᠢᠨ᠎ᠡ ᠲᠥᠷᠦᠯ ᠦᠨ ᠬᠠᠮᠲᠤᠷᠠᠭᠰᠠᠨ ᠰᠤᠳᠤᠯᠭᠠᠨ ᠤ ᠲᠥᠰᠦᠯ᠂ ᠬᠥᠲᠦᠯᠪᠦᠷᠢ ᠢᠢᠨ ᠲᠣᠭ᠎ᠠ ᠨᠡᠮᠡᠭᠳᠡᠵᠦ᠂ ᠰᠠᠯᠪᠤᠷᠢ ᠢᠢᠨ ᠬᠦᠮᠦᠨ ᠦ ᠨᠥᠭᠡᠴᠡ ᠴᠢᠳᠠᠪᠬᠢᠵᠢᠨᠠ᠃
8. «ᠰᠢᠨᠵᠢᠯᠡᠬᠦ ᠤᠬᠠᠭᠠᠨ ᠤ ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠪᠣᠯᠤᠨ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠬᠣᠭᠤᠷᠤᠨᠳᠤ ᠢᠢᠨ ᠬᠡᠯᠡᠯᠴᠡᠭᠡᠷ ᠢ 2025-2030 ᠣᠨ ᠳᠤ ᠬᠡᠷᠡᠭᠵᠢᠭᠦᠯᠬᠦ ᠫᠷᠣᠲ᠋ᠦ᠋ᠻᠤᠯ» ᠳ᠋ᠤ
ᠮᠣᠩ᠋ᠭᠤᠯ ᠤᠨ ᠲᠠᠯ᠎ᠠ ᠠᠴᠠ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ᠂ ᠳ᠋ᠣᠻᠲ᠋ᠤᠷ ᠰᠣᠳᠨᠠᠮᠰᠠᠮᠪᠤᠤ ᠢᠢᠨ ᠳᠡᠮᠪᠡᠷᠢᠯ᠂ ᠠᠦ᠋ᠰᠲ᠋ᠷᠢᠶ ᠠ ᠢᠢᠨ ᠲᠠᠯ᠎ᠠ ᠠᠴᠠ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠾᠧᠶᠢᠨ᠋ᠽ ᠹᠠᠰᠰᠮᠠᠨ᠋ᠨ᠌᠂
ᠡᠷᠳᠡᠮᠲᠡᠨ᠂ ᠰᠤᠳᠤᠯᠤᠭᠠᠴᠢ ᠰᠣᠯᠢᠯᠴᠠᠬᠤ «ᠮᠣᠪᠢᠯᠢᠲ᠋ᠢ» ᠲᠥᠰᠦᠯ ᠬᠡᠷᠡᠭᠵᠢᠭᠦᠯᠬᠦ ᠪᠥᠭᠡᠳ ᠬᠠᠮᠲᠤᠷᠠᠭᠰᠠᠨ ᠰᠤᠳᠤᠯᠭ᠎ᠠ ᠬᠢᠬᠦ ᠵᠠᠮ ᠢᠶᠠᠷ ᠮᠡᠳᠡᠭᠡᠯᠡᠯ᠂ ᠰᠠᠢᠢᠨ ᠲᠤᠷᠰᠢᠯᠭ᠎ᠠ ᠰᠣᠯᠢᠯᠴᠠᠵᠤ᠂ ᠬᠦᠮᠦᠨ ᠦ ᠨᠥᠭᠡᠴᠡ ᠢᠢᠨ ᠴᠢᠳᠠᠪᠬᠢ ᠢᠢ ᠪᠡᠬᠢᠵᠢᠭᠦᠯᠬᠦ᠂ ᠡᠷᠳᠡᠮᠲᠡᠨ᠂ ᠰᠤᠳᠤᠯᠤᠭᠠᠴᠢᠳ ᠤᠨ ᠰᠦᠯᠵᠢᠶ᠎ᠡ ᠢᠢ ᠥᠷᠭᠡᠵᠢᠭᠦᠯᠦᠨ ᠬᠥᠭ᠍ᠵᠢᠭᠦᠯᠦᠨ᠎ᠡ᠃
9. «ᠮᠣᠩ᠋ᠭᠤᠯ ᠤᠯᠤᠰ ᠤᠨ ᠻᠣᠨ᠋ᠰᠧᠷᠸᠠᠲ᠋ᠣᠷ ᠪᠣᠯᠤᠨ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠸᠢᠶᠧᠨᠠ ᠢᠢᠨ ᠬᠥᠭ᠍ᠵᠢᠮ᠂ ᠤᠷᠠᠯᠢᠭ ᠤᠨ ᠢᠯᠡᠭᠡᠮᠵᠢ ᠢᠢᠨ ᠬᠤᠳᠠᠯᠳᠤᠭ ᠠ ᠰᠤᠷᠭᠠᠭᠤᠯᠢ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠲᠤᠬᠠᠶ ᠰᠠᠨᠠᠮᠵᠢ ᠪᠢᠴᠢᠭ᠌» ᠲ᠋ᠤ
ᠮᠣᠩ᠋ᠭᠤᠯ ᠤᠨ ᠲᠠᠯ᠎ᠠ ᠠᠴᠠ ᠻᠣᠨ᠋ᠰᠧᠷᠸᠠᠲ᠋ᠣᠷ ᠤᠨ ᠵᠠᠬᠢᠷᠤᠯ ᠴᠡᠷᠢᠩᠵᠢᠭ᠍ᠮᠢᠳ ᠦᠨ ᠰᠢᠷᠠᠪᠴᠡᠷᠢᠩ᠂ ᠠᠦ᠋ᠰᠲ᠋ᠷᠢᠶ ᠠ ᠢᠢᠨ ᠲᠠᠯ᠎ᠠ ᠠᠴᠠ ᠸᠢᠶᠧᠨᠠ ᠢᠢᠨ ᠬᠥᠭᠵᠢᠮ᠂ ᠲᠠᠢᠢᠽᠢᠨ ᠤ ᠤᠷᠠᠯᠢᠭ ᠤᠨ ᠶᠡᠬᠡ ᠰᠤᠷᠭᠠᠭᠤᠯᠢ ᠢᠢᠨ ᠷᠧᠻᠲ᠋ᠣᠷ ᠦᠯᠷᠢᠻᠧ ᠽᠢᠾ᠂
ᠮᠣᠩ᠋ᠭᠤᠯ-ᠠᠦ᠋ᠰᠲ᠋ᠷᠢᠶ ᠠ ᠢᠢᠨ ᠬᠥᠭ᠍ᠵᠢᠮ ᠦᠨ ᠵᠣᠬᠢᠶᠠᠯᠴᠢᠳ ᠤᠨ ᠪᠦᠲᠦᠭᠡᠯ᠂ ᠰᠣᠩ᠋ᠭᠤᠳᠠᠭ ᠬᠥᠭ᠍ᠵᠢᠮ ᠦᠨ ᠪᠠᠭᠰᠢ᠂ ᠣᠶᠤᠲᠠᠨ ᠰᠣᠯᠢᠯᠴᠠᠬᠤ᠂ ᠬᠠᠮᠲᠤᠷᠠᠭᠰᠠᠨ ᠤᠷᠠᠨ ᠪᠦᠲᠦᠭᠡᠯ ᠲᠤᠭᠤᠷᠪᠢᠬᠤ᠂ ᠡᠷᠳᠡᠮᠲᠡᠨ ᠪᠠᠭᠰᠢ ᠨᠠᠷ ᠤᠨ ᠬᠠᠮᠲᠤᠷᠠᠭᠰᠠᠨ ᠲᠥᠰᠦᠯ᠂ ᠡᠷᠳᠡᠮ ᠰᠢᠨᠵᠢᠯᠡᠭᠡ᠂ ᠰᠤᠳᠤᠯᠭᠠᠨ ᠤ ᠪᠠᠭ᠎ᠠ ᠬᠤᠷᠠᠯ ᠵᠣᠬᠢᠶᠠᠨ ᠪᠠᠢᠢᠭᠤᠯᠬᠤ᠂ ᠠᠦ᠋ᠰᠲ᠋ᠷᠢᠶ ᠠ ᠢᠢᠨ ᠬᠥᠭ᠍ᠵᠢᠮ ᠰᠤᠳᠤᠯᠤᠯ ᠤᠨ ᠡᠷᠳᠡᠮᠲᠡᠨ ᠰᠤᠳᠤᠯᠤᠭᠠᠴᠢᠳ ᠲᠠᠢ ᠬᠠᠮᠲᠤᠷᠠᠨ ᠮᠣᠷᠢᠨ ᠬᠤᠭᠤᠷ᠂ ᠴᠤᠭᠤᠷ ᠪᠣᠯᠤᠨ ᠤᠭᠰᠠᠭᠠᠲᠠᠨ ᠤ ᠬᠥᠭ᠍ᠵᠢᠮ ᠰᠤᠳᠤᠯᠤᠯ ᠤᠨ ᠲᠥᠰᠦᠯ ᠬᠡᠷᠡᠭᠵᠢᠭᠦᠯᠦᠨ᠎ᠡ᠃ ᠰᠢᠨ᠎ᠡ ᠵᠢᠭᠠᠬᠤ ᠠᠷᠭ᠎ᠠ ᠵᠦᠢ᠂ ᠤᠷᠠᠯᠠᠩ ᠲᠣᠭᠯᠠᠯᠲᠠ ᠢᠢᠨ ᠰᠢᠨ᠎ᠡ ᠬᠠᠨᠳᠤᠯᠭ᠎ᠠ ᠨᠤᠭᠤᠳ ᠢ ᠮᠣᠩ᠋ᠭᠤᠯ ᠤᠯᠤᠰ ᠲᠤ ᠠᠩᠬ᠎ᠠ ᠤᠳᠠᠭ᠎ᠠ ᠨᠡᠪᠲᠡᠷᠡᠭᠦᠯᠬᠦ ᠪᠣᠯᠤᠮᠵᠢ ᠪᠦᠷᠢᠳᠦᠨ᠎ᠡ᠃
10. «ᠮᠣᠩ᠋ᠭᠤᠯ ᠤᠯᠤᠰ ᠤᠨ «ᠴᠢᠩᠬᠢᠰ ᠬᠠᠭᠠᠨ» ᠦᠨᠳᠦᠰᠦᠨ ᠦ ᠮᠦᠽᠧᠶ ᠪᠣᠯᠤᠨ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠢᠷᠠᠨ ᠰᠤᠳᠤᠯᠤᠯ ᠤᠨ ᠬᠦᠷᠢᠶᠡᠯᠡᠩ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠤ
ᠮᠣᠩ᠋ᠭᠤᠯ ᠤᠨ ᠲᠠᠯ᠎ᠠ ᠠᠴᠠ «ᠴᠢᠩᠬᠢᠰ ᠬᠠᠭᠠᠨ» ᠦᠨᠳᠦᠰᠦᠨ ᠦ ᠮᠦᠽᠧᠶ ᠢᠢᠨ ᠵᠠᠬᠢᠷᠤᠯ ᠰᠠᠮᠫᠢᠯᠳᠣᠨᠳᠤᠪ ᠤᠨ ᠴᠢᠯᠠᠭᠤᠨ᠂ ᠠᠦ᠋ᠰᠲ᠋ᠷᠢᠶ ᠠ ᠢᠢᠨ ᠲᠠᠯ᠎ᠠ ᠠᠴᠠ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠾᠧᠶᠢᠨ᠋ᠽ ᠹᠠᠰᠰᠮᠠᠨ᠋ᠨ ᠨᠠᠷ ᠭᠠᠷ ᠤᠨ ᠦᠰᠦᠭ ᠵᠢᠷᠤᠯ᠎ᠠ᠃
ᠡᠷᠳᠡᠮ ᠰᠢᠨᠵᠢᠯᠡᠭᠡ᠂ ᠰᠤᠳᠤᠯᠭᠠᠨ ᠤ ᠴᠢᠭᠯᠡᠯ ᠢᠶᠡᠷ ᠬᠠᠮᠲᠤᠷᠠᠨ ᠠᠵᠢᠯᠯᠠᠵᠤ᠂ ᠲᠡᠦᠬᠡᠨ ᠪᠠᠷᠢᠮᠲᠠ᠂ ᠮᠠᠲ᠋ᠧᠷᠢᠶᠠᠯ᠂ ᠴᠤᠭᠯᠠᠭᠤᠯᠭ᠎ᠠ ᠲᠠᠢ ᠬᠠᠷᠢᠯᠴᠠᠨ ᠲᠠᠨᠢᠯᠴᠠᠵᠤ᠂ ᠰᠢᠨᠵᠢᠯᠡᠬᠦ ᠤᠬᠠᠭᠠᠨ ᠤ ᠴᠢᠭᠯᠡᠯ ᠢᠶᠡᠷ ᠬᠠᠮᠲᠤᠷᠠᠭᠰᠠᠨ ᠲᠥᠰᠦᠯ ᠬᠡᠷᠡᠭᠵᠢᠭᠦᠯᠦᠨ᠎ᠡ᠃






