Та "Internet explorer"-ийн сүүлийн хувилбар болох "Microsoft edge"-г ашиглана уу

Хэрэв "Microsoft edge"-г татах бол энд дарж татаж авна уу

ᠠᠵᠤ ᠠᠬᠤᠶ ᠢᠢᠨ ᠨᠢᠭᠡᠴᠡ ᠨᠦᠭᠦᠳ ᠢ ᠬᠠᠷᠢᠯᠴᠠᠨ ᠠᠰᠢᠭ ᠲᠠᠢ ᠬᠠᠮᠲᠤᠷᠠᠨ ᠠᠵᠢᠯᠯᠠᠬᠤ ᠢᠢ ᠤᠷᠢᠶᠠᠯᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ ᠦ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ᠂ ᠠᠦ᠋ᠰᠲ᠋ᠷᠢᠶ ᠠ ᠢᠢᠨ ᠬᠣᠯᠪᠤᠭᠠᠨ ᠤ ᠡᠳ᠋ ᠦᠨ ᠵᠠᠰᠠᠭ ᠤᠨ ᠲᠠᠩᠬᠢᠮ ᠬᠠᠮᠲᠤᠷᠠᠨ ᠱᠠᠩᠷᠢ-ᠯᠠ ᠵᠣᠴᠢᠳ ᠪᠠᠭᠤᠳᠠᠯ ᠳᠤ «ᠳᠤᠭᠤᠶ ᠰᠢᠷᠡᠭᠡᠨ ᠦ ᠪᠢᠽᠢᠨᠧᠰ ᠠᠭᠤᠯᠵᠠᠯᠲᠠ» ᠵᠣᠬᠢᠶᠠᠨ ᠪᠠᠢᠢᠭᠤᠯᠵᠤ ᠪᠠᠢᠢᠨ᠎ᠠ᠃

ᠪᠢᠽᠢᠨᠧᠰ ᠠᠭᠤᠯᠵᠠᠯᠲᠠ ᠢᠢ ᠶᠡᠷᠦᠩᠬᠡᠢᠢᠯᠡᠭᠴᠢ ᠤ·ᠬᠦᠷᠡᠯᠰᠦ᠋ᠬᠡ᠂ ᠠᠯᠧᠻᠰᠠᠨ᠋ᠳ᠋ᠷ ᠸᠠᠩ ᠳ᠋ᠧᠷ ᠪᠧᠯᠯᠧᠨ ᠨᠠᠷ ᠨᠡᠭᠡᠭᠡᠵᠦ ᠦᠭᠡ ᠬᠡᠯᠡᠯ᠎ᠡ᠃

ᠶᠡᠷᠦᠩᠬᠡᠢᠢᠯᠡᠭᠴᠢ ᠤ·ᠬᠦᠷᠡᠯᠰᠦ᠋ᠬᠡ᠂ ᠮᠣᠩ᠋ᠭᠤᠯ ᠤᠯᠤᠰ ᠬᠥᠷᠦᠩ᠋ᠭᠡ ᠣᠷᠤᠭᠤᠯᠤᠯᠲᠠ ᠢᠢᠨ ᠪᠣᠳᠤᠯᠭ᠎ᠠ ᠪᠠᠨ ᠰᠠᠢᠢᠵᠢᠷᠠᠭᠤᠯᠵᠤ᠂ ᠲᠣᠭᠲᠠᠪᠤᠷᠢᠲᠠᠢ᠂ ᠲᠤᠭᠤᠰᠢᠲᠠᠢ ᠪᠠᠢᠢᠵᠤ᠂ «ᠢᠲᠡᠭᠡᠯᠲᠡᠢ᠂ ᠨᠠᠢᠢᠳᠠᠪᠤᠷᠢᠲᠠᠢ᠂ ᠤᠳᠠᠭᠠᠨ ᠬᠤᠭᠤᠴᠠᠭᠠᠨ ᠤ ᠲᠦᠩᠰᠢ» ᠪᠠᠢᠢᠬᠤ ᠵᠠᠷᠴᠢᠮ ᠪᠠᠷᠢᠮᠲᠠᠯᠠᠵᠤ ᠪᠠᠢᠢᠭ᠎ᠠ ᠢᠢ ᠣᠨᠴᠠᠯᠠᠯ᠎ᠠ᠃

ᠥᠨᠳᠦᠷ ᠠᠵᠤ ᠦᠢᠯᠡᠳᠪᠦᠷᠢᠵᠢᠭᠰᠡᠨ᠂ ᠠᠦ᠋ᠰᠲ᠋ᠷᠢᠶ ᠠ ᠢᠢᠨ ᠪᠢᠽᠢᠨᠧᠰ ᠡᠷᠬᠢᠯᠡᠭᠴᠢᠳ ᠦᠨ ᠮᠡᠳᠡᠯᠭᠡ᠂ ᠲᠤᠷᠰᠢᠯᠭ᠎ᠠ᠂ ᠳᠡᠪᠰᠢᠯᠲᠡᠲᠦ ᠲᠧᠭᠨᠢᠭ᠂ ᠲᠧᠭᠨᠣᠯᠤᠭᠢ᠂ ᠢᠨ᠋᠊ᠨᠣᠸᠠᠼ᠂ ᠬᠥᠷᠦᠩ᠋ᠭᠡ ᠣᠷᠤᠭᠤᠯᠤᠯᠲᠠ ᠰᠲ᠋ᠷᠠᠲ᠋ᠧᠭᠢ ᠢᠢᠨ ᠠᠴᠢ ᠬᠣᠯᠪᠤᠭᠳᠠᠯ ᠲᠠᠢ 14 ᠮᠧᠭ᠎ᠠ ᠲᠥᠰᠦᠯ ᠢ ᠬᠡᠷᠡᠭᠵᠢᠭᠦᠯᠬᠦ ᠳᠥ ᠣᠨᠴᠤᠭᠤᠶ ᠴᠢᠬᠤᠯᠠ ᠡᠭᠦᠷᠭᠡ ᠲᠡᠢ ᠢᠢ ᠣᠨᠴᠠᠯᠠᠯ᠎ᠠ᠃

ᠴᠢᠨᠠᠭᠰᠢᠳᠠ ᠧᠦ᠋ᠷᠣᠫᠠ ᠢᠢᠨ ᠬᠣᠯᠪᠤᠭᠠᠨ ᠤ ᠬᠥᠩ᠋ᠭᠡᠯᠡᠯᠲᠡ ᠢᠢᠨ ᠶᠡᠷᠦᠩᠬᠡᠶ ᠰᠢᠰᠲ᠋ᠧᠮ ᠦᠨ ᠬᠦᠷᠢᠶᠡᠨ ᠳᠥ 7.200 ᠨᠡᠷ᠎ᠡ ᠲᠥᠷᠦᠯ ᠦᠨ ᠪᠠᠷᠠᠭ᠎ᠠ᠂ ᠪᠦᠲᠦᠭᠡᠭ᠍ᠳᠡᠬᠦᠨ ᠢ ᠧᠦ᠋ᠷᠣᠫᠠ ᠢᠢᠨ ᠬᠣᠯᠪᠤᠭᠠᠨ ᠤ ᠵᠠᠬ᠎ᠠ ᠵᠡᠭᠡᠯᠢ ᠳᠥ ᠭᠠᠢᠢᠯᠢ ᠢᠢᠨ ᠲᠠᠲᠠᠪᠤᠷᠢ ᠦᠭᠡᠢ ᠭᠠᠷᠭᠠᠬᠤ ᠪᠣᠯᠤᠮᠵᠢ ᠢᠢ ᠠᠰᠢᠭᠯᠠᠵᠤ᠂ ᠬᠠᠮᠲᠤ ᠢᠢᠨ ᠠᠵᠢᠯᠯᠠᠭ᠎ᠠ ᠪᠠᠨ ᠥᠷᠭᠡᠵᠢᠭᠦᠯᠬᠦ ᠢᠢ ᠪᠢᠽᠢᠨᠧᠰ ᠡᠷᠬᠢᠯᠡᠭᠴᠢᠳ ᠲᠥ ᠤᠷᠢᠶᠠᠯᠠᠯ᠎ᠠ᠃

ᠮᠥᠨ ᠢᠷᠡᠬᠦ 10 ᠳ᠋ᠤᠭᠠᠷ ᠰᠠᠷ᠎ᠠ ᠳᠤ ᠤᠯᠠᠭᠠᠨᠪᠠᠭᠠᠲᠤᠷ ᠬᠣᠲᠠᠨ᠎ᠠ ᠪᠣᠯᠬᠤ ᠮᠣᠩ᠋ᠭᠤᠯ-ᠧᠦ᠋ᠷᠣᠫᠠ ᠢᠢᠨ ᠬᠣᠯᠪᠤᠭᠠᠨ ᠤ «ᠪᠢᠽᠢᠨᠧᠰ᠂ ᠬᠥᠷᠦᠩ᠋ᠭᠡ ᠣᠷᠤᠭᠤᠯᠤᠯᠲᠠ ᠢᠢᠨ ᠹᠣᠷᠦᠢᠮ» ᠳ᠋ᠤ ᠣᠷᠤᠯᠴᠠᠬᠤ ᠢᠢ ᠤᠷᠢᠯ᠎ᠠ᠃

ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ᠂ ᠬᠤᠳᠠᠯᠳᠤᠭ᠎ᠠ᠂ ᠬᠥᠷᠦᠩ᠋ᠭᠡ ᠣᠷᠤᠭᠤᠯᠤᠯᠲᠠ ᠢᠢ ᠬᠠᠷᠢᠯᠴᠠᠨ ᠡᠷᠴᠢᠮᠵᠢᠭᠦᠯᠦᠭᠰᠡᠨ ᠢᠶᠡᠷ ᠡᠳ᠋ ᠦᠨ ᠵᠠᠰᠠᠭ ᠤᠨ ᠥᠰᠦᠯᠲᠡ ᠨᠡᠮᠡᠭᠳᠡᠵᠦ᠂ ᠢᠷᠭᠡᠳ ᠦᠨ ᠬᠡᠯᠬᠢᠶ᠎ᠡ ᠬᠣᠯᠪᠤᠭ᠎ᠠ᠂ ᠬᠠᠷᠢᠯᠴᠠᠨ ᠣᠢᠢᠯᠠᠭᠠᠯᠴᠠᠯ ᠤᠯᠠᠮ ᠪᠡᠬᠡᠵᠢᠬᠦ ᠢᠢ ᠬᠡᠯᠡᠯ᠎ᠡ᠃

ᠬᠥᠳᠡᠭᠡ ᠠᠵᠤ ᠠᠬᠤᠶ᠂ ᠠᠶᠠᠯᠠᠯ ᠵᠢᠭᠤᠯᠴᠢᠯᠠᠯ᠂ ᠳᠡᠳ᠋ ᠪᠦᠲᠦᠴᠡ᠂ ᠡᠷᠡᠭᠦᠯ ᠮᠡᠨᠳᠦ᠂ ᠡᠷᠴᠢᠮ ᠬᠦᠴᠦ ᠵᠡᠷᠭᠡ ᠰᠠᠯᠪᠤᠷᠢ ᠳᠤ ᠠᠦ᠋ᠰᠲ᠋ᠷᠢᠶ ᠠ ᠤᠯᠤᠰ ᠲᠤᠷᠰᠢᠯᠭ᠎ᠠ᠂ ᠨᠣ᠊ᠦ᠋-ᠬᠠ᠊ᠦ᠋᠂ ᠰᠢᠯᠭᠠᠷᠠᠭᠰᠠᠨ ᠰᠢᠢᠳᠦᠯ ᠦᠳ ᠢᠶᠡᠨ ᠬᠤᠪᠢᠶᠠᠯᠴᠠᠬᠤ ᠳᠤ ᠪᠡᠯᠡᠨ ᠪᠠᠢᠢᠭ᠎ᠠ ᠢᠢ ᠲᠡᠮᠳᠡᠭᠯᠡᠪᠡ᠃

ᠮᠥᠨ ᠮᠣᠩ᠋ᠭᠤᠯ ᠤᠯᠤᠰ ᠤᠨ ᠡᠳ᠋ ᠦᠨ ᠵᠠᠰᠠᠭ ᠤᠨ ᠡᠷᠴᠢ ᠲᠡᠢ ᠥᠰᠦᠯᠲᠡ ᠠᠦ᠋ᠰᠲ᠋ᠷᠢᠶ ᠠ ᠢᠢᠨ ᠢᠯᠡᠭᠦᠦ ᠣᠯᠠᠨ ᠠᠵᠤ ᠠᠬᠤᠶ ᠢᠢᠨ ᠨᠢᠭᠡᠴᠡ ᠢᠢᠨ ᠰᠣᠨᠢᠷᠬᠠᠯ ᠢ ᠲᠠᠲᠠᠵᠤ᠂ ᠭᠦᠨ ᠭᠦᠨᠵᠡᠭᠡᠶ᠂ ᠲᠤᠭᠤᠰᠢᠲᠠᠢ ᠲᠦᠩᠰᠢᠯᠡᠯ ᠦᠨ ᠰᠠᠭᠤᠷᠢ ᠢᠢ ᠲᠠᠯᠪᠢᠨ᠎ᠠ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠢᠯᠡᠷᠬᠡᠢᠢᠯᠡᠯ᠎ᠡ᠃

«ᠳᠤᠭᠤᠶ ᠰᠢᠷᠡᠭᠡᠨ ᠦ ᠪᠢᠽᠢᠨᠧᠰ ᠠᠭᠤᠯᠵᠠᠯᠲᠠ» ᠳ᠋ᠤ ᠮᠠᠨ ᠤ ᠤᠯᠤᠰ ᠤᠨ 80 ᠣᠷᠴᠢᠮ᠂ ᠠᠦ᠋ᠰᠲ᠋ᠷᠢᠶ ᠠ ᠢᠢᠨ ᠳᠣᠯᠤᠭᠠᠨ ᠰᠠᠯᠪᠤᠷᠢ ᠢᠢᠨ 22 ᠠᠵᠤ ᠠᠬᠤᠶ ᠢᠢᠨ ᠨᠢᠭᠡᠴᠡ ᠣᠷᠤᠯᠴᠠᠵᠤ ᠪᠠᠢᠢᠨ᠎ᠠ᠃

ᠮᠠᠨ ᠤ ᠤᠯᠤᠰ ᠠᠦ᠋ᠰᠲ᠋ᠷᠢᠶ ᠠ ᠳᠤ ᠭᠶᠠᠨ᠋ᠲ᠋ᠪᠣᠯᠳ᠋ ᠤᠨ ᠬᠦᠳᠡᠷ᠂ ᠪᠠᠶᠠᠵᠢᠮᠠᠯ᠂ ᠰᠠᠪᠢᠬᠢᠨ ᠬᠤᠪᠴᠠᠰᠤ᠂ ᠢᠮᠠᠭᠠᠨ ᠤ ᠰᠠᠮᠨᠠᠭᠰᠠᠨ ᠨᠣᠯᠤᠤᠷ᠂ ᠲᠡᠭᠦᠬᠡᠶ ᠡᠳ᠋᠂ ᠮᠠᠯ ᠤᠨ ᠭᠠᠷᠤᠯᠲᠠᠢ ᠪᠦᠲᠦᠭᠡᠭ᠍ᠳᠡᠬᠦᠨ ᠪᠣᠯᠤᠨ ᠬᠦᠨᠡᠰᠦᠨ ᠦ ᠪᠦᠲᠦᠭᠡᠭ᠍ᠳᠡᠬᠦᠨ ᠨᠡᠢᠢᠯᠡᠭᠦᠯᠳᠡᠭ᠃

ᠠᠦ᠋ᠰᠲ᠋ᠷᠢᠶ ᠠ ᠠᠴᠠ ᠲᠧᠭᠨᠢᠭ᠂ ᠲᠣᠨᠤᠭ ᠲᠥᠬᠦᠭᠡᠷᠦᠮᠵᠢ᠂ ᠮᠠᠱᠢᠨ᠂ ᠮᠧᠬᠠᠨᠢᠰᠮ᠂ ᠬᠢᠮᠢ᠂ ᠡᠷᠴᠢᠮ ᠬᠦᠴᠦᠨ ᠦ ᠪᠦᠲᠦᠭᠡᠭ᠍ᠳᠡᠬᠦᠨ᠂ ᠴᠠᠬᠢᠯᠭᠠᠨ ᠪᠠᠷᠠᠭ᠎ᠠ᠂ ᠠᠦ᠋᠋ᠲ᠋ᠣᠮᠠᠲ᠋ᠵᠢᠭᠤᠯᠤᠯᠲᠠ ᠢᠢᠨ ᠲᠣᠨᠤᠭ ᠲᠥᠬᠦᠭᠡᠷᠦᠮᠵᠢ ᠢᠮᠫᠣᠷᠲ᠋ᠯᠠᠳᠠᠭ ᠶᠤᠮ᠃