Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠶᠡᠷᠦᠩᠬᠡᠢᠢᠯᠡᠭᠴᠢ ᠴᠢᠩᠬᠢᠰ ᠬᠠᠭᠠᠨ ᠦᠨᠳᠦᠰᠦᠨ ᠦ ᠮᠦᠽᠧᠶ ᠳᠥ ᠵᠣᠴᠢᠯᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠪᠠᠷ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠤᠢ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠶᠡᠷᠦᠩᠬᠡᠢᠢᠯᠡᠭᠴᠢ ᠠᠯᠧᠻᠰᠠᠨ᠋ᠳ᠋ᠷ ᠸᠠᠩ ᠳ᠋ᠧᠷ ᠪᠧᠯᠯᠧᠨ ᠴᠢᠩᠬᠢᠰ ᠬᠠᠭᠠᠨ ᠦᠨᠳᠦᠰᠦᠨ ᠦ ᠮᠦᠽᠧᠶ ᠳᠥ ᠵᠣᠴᠢᠯᠠᠯ᠎ᠠ᠃

ᠬᠦᠨᠳᠦᠲᠦ ᠵᠣᠴᠢᠳ ᠢ ᠴᠢᠩᠬᠢᠰ ᠬᠠᠭᠠᠨ ᠦᠨᠳᠦᠰᠦᠨ ᠦ ᠮᠦᠽᠧᠶ ᠢᠢᠨ ᠵᠠᠬᠢᠷᠤᠯ ᠰᠠ᠊·ᠴᠢᠯᠠᠭᠤᠨ ᠤᠭᠲᠤᠨ ᠠᠪᠴᠤ᠂ ᠮᠦᠽᠧᠶ ᠢᠢᠨ ᠲᠠᠩᠬᠢᠮ ᠤᠳ ᠢᠶᠠᠷ ᠵᠣᠴᠢᠯᠠᠭᠤᠯᠵᠤ᠂ ᠮᠠᠨ ᠤ ᠤᠯᠤᠰ ᠤᠨ ᠲᠡᠦᠬᠡ᠂ ᠰᠣᠶᠤᠯ ᠤᠨ ᠥᠪ ᠢ ᠳᠡᠯᠭᠡᠷᠡᠩ᠋ᠭᠦᠶ ᠲᠠᠨᠢᠯᠴᠠᠭᠤᠯᠤᠯ᠎ᠠ᠃

ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠲᠥᠷᠦ ᠢᠢᠨ ᠲᠡᠷᠢᠭᠦᠨ᠂ ᠭᠡᠷᠭᠡᠶ ᠢᠢᠨ ᠬᠠᠮᠲᠤ ᠮᠦᠽᠧᠶ ᠢᠢᠨ ᠦᠵᠡᠮᠦᠷᠢ ᠨᠦᠭᠦᠳ ᠲᠡᠢ ᠲᠠᠨᠢᠯᠴᠠᠵᠤ᠂ ᠴᠢᠩᠬᠢᠰ ᠬᠠᠭᠠᠨ ᠦᠨᠳᠦᠰᠦᠨ ᠦ ᠮᠦᠽᠧᠶ ᠢᠢᠨ «ᠬᠦᠨᠳᠦᠲᠦ ᠵᠣᠴᠢᠨ ᠤ ᠳᠡᠪᠲᠡᠷ» ᠲ᠋ᠥ ᠳᠤᠷᠠᠰᠬᠠᠯ ᠤᠨ ᠦᠭᠡ ᠪᠢᠴᠢᠵᠦ᠂ ᠭᠠᠷ ᠤᠨ ᠦᠰᠦᠭ ᠢᠶᠡᠨ ᠵᠢᠷᠤᠯ᠎ᠠ᠃

ᠮᠣᠩ᠋ᠭᠤᠯ ᠤᠨ ᠲᠡᠦᠬᠡᠨ ᠴᠢᠬᠤᠯᠠ ᠰᠤᠷᠪᠤᠯᠵᠢ ᠪᠣᠯᠬᠤ 1398 ᠣᠨ ᠳᠤ ᠪᠢᠴᠢᠭᠳᠡᠭᠰᠡᠨ «ᠲᠡᠮᠦᠷ ᠬᠤᠳᠤᠯᠤᠭ ᠬᠠᠭᠠᠨ ᠤ ᠵᠠᠷᠯᠢᠭ» ᠬᠡᠮᠡᠬᠦ ᠪᠢᠴᠢᠭ᠌ ᠦᠨ ᠡᠬᠢ ᠬᠤᠪᠢ ᠠᠦ᠋ᠰᠲ᠋ᠷᠢᠶ ᠠ ᠢᠢᠨ ᠦᠨᠳᠦᠰᠦᠨ ᠦ ᠨᠣᠮ ᠤᠨ ᠰᠠᠩ ᠳᠤ ᠬᠠᠳᠠᠭᠠᠯᠠᠭᠳᠠᠵᠤ ᠪᠠᠢᠢᠭ᠎ᠠ ᠪᠥᠭᠡᠳ «ᠴᠢᠩᠬᠢᠰ ᠬᠠᠭᠠᠨ» ᠮᠦᠽᠧᠶ ᠠᠩᠬ᠎ᠠ ᠪᠠᠢᠢᠭᠤᠯᠤᠭᠳᠠᠬᠤ ᠦᠶ᠎ᠡ ᠳᠥ ᠪᠤᠶᠤ 2020 ᠣᠨ ᠤ 06 ᠳ᠋ᠤᠭᠠᠷ ᠰᠠᠷ᠎ᠠ ᠳᠤ ᠪᠢᠴᠢᠪᠦᠷᠢ ᠢᠢᠨ ᠠᠯᠪᠠᠨ ᠶᠣᠰᠤᠨ ᠤ ᠬᠠᠭᠤᠯᠪᠤᠷᠢ ᠢᠢ ᠮᠦᠽᠧᠶ ᠢᠢᠨ ᠰᠠᠩ ᠬᠥᠮᠦᠷᠭᠡ ᠳᠥ ᠣᠷᠤᠭᠤᠯᠤᠭᠰᠠᠨ ᠨᠢ ᠬᠣᠶᠠᠷ ᠤᠯᠤᠰ ᠤᠨ ᠰᠣᠶᠤᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ᠂ ᠥᠪ ᠦᠨ ᠬᠠᠳᠠᠭᠠᠯᠠᠯᠲᠠ᠂ ᠲᠠᠨᠢᠭᠤᠯᠤᠨ ᠰᠤᠷᠲᠠᠯᠴᠢᠯᠠᠬᠤ ᠠᠵᠢᠯ ᠳᠤ ᠴᠢᠬᠤᠯᠠ ᠠᠴᠢ ᠬᠣᠯᠪᠤᠭᠳᠠᠯ ᠲᠠᠢ ᠪᠣᠯᠤᠭᠰᠠᠨ ᠶᠤᠮ᠃

ᠪᠦᠭᠦᠳᠡ ᠨᠠᠢᠢᠷᠠᠮᠳᠠᠬᠤ ᠮᠣᠩ᠋ᠭᠤᠯ ᠠᠷᠠᠳ ᠤᠯᠤᠰ᠂ ᠪᠦᠭᠦᠳᠡ ᠨᠠᠢᠢᠷᠠᠮᠳᠠᠬᠤ ᠠᠦ᠋ᠰᠲ᠋ᠷᠢᠶ ᠠ ᠤᠯᠤᠰ ᠤᠨ ᠵᠠᠰᠠᠭ ᠤᠨ ᠭᠠᠵᠠᠷ ᠬᠣᠭᠤᠷᠤᠨᠳᠤ 1979 ᠣᠨ ᠤ 10 ᠳ᠋ᠤᠭᠠᠷ 16 ᠤ ᠡᠳᠦᠷ «ᠰᠣᠶᠤᠯ ᠤᠨ ᠬᠠᠮᠲᠤ ᠢᠢᠨ ᠠᠵᠢᠯᠯᠠᠭᠠᠨ ᠤ ᠲᠤᠬᠠᠶ ᠬᠡᠯᠡᠯᠴᠡᠭᠡᠷ» ᠢ ᠪᠠᠢᠢᠭᠤᠯᠤᠭᠰᠠᠨ᠃