ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠰᠧᠷᠳᠠᠷ ᠪᠧᠷᠳᠢᠮᠦ᠋ᠾᠠᠮᠧᠳᠣᠸ 2025 ᠣᠨ ᠤ 06 ᠳ᠋ᠤᠭᠠᠷ ᠰᠠᠷ᠎ᠠ ᠢᠢᠨ 01-02 ᠤ ᠡᠳᠦᠷ ᠦᠳ ᠲᠥ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃
ᠡᠨᠡᠬᠦ ᠠᠢᠢᠯᠴᠢᠯᠠᠯ ᠨᠢ 1992 ᠣᠨ ᠳᠤ ᠮᠣᠩ᠋ᠭᠤᠯ᠂ ᠲᠦᠷᠻᠮᠧᠨᠢᠰᠲ᠋ᠠᠨ ᠤ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ ᠬᠤᠭᠤᠴᠠᠭᠠᠨ ᠳᠤ ᠲᠦᠷᠻᠮᠧᠨᠢᠰᠲ᠋ᠠᠨ ᠤ ᠶᠡᠷᠦᠩᠬᠡᠢᠢᠯᠡᠭᠴᠢ ᠢᠢᠨ ᠲᠥᠪᠰᠢᠨ ᠳᠥ ᠬᠡᠷᠡᠭᠵᠢᠵᠦ ᠪᠤᠢ ᠠᠩᠬᠠᠨ ᠤ ᠲᠥᠷᠦ ᠢᠢᠨ ᠠᠢᠢᠯᠴᠢᠯᠠᠯ ᠪᠥᠭᠡᠳ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠢᠢᠨ 2024 ᠣᠨ ᠳᠤ ᠲᠦᠷᠻᠮᠧᠨᠢᠰᠲ᠋ᠠᠨ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠬᠠᠷᠢᠭᠤ ᠠᠢᠢᠯᠴᠢᠯᠠᠯ ᠶᠤᠮ᠃
ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠰᠧᠷᠳᠠᠷ ᠪᠧᠷᠳᠢᠮᠦ᠋ᠾᠠᠮᠧᠳᠣᠸ ᠨᠠᠷ ᠠᠯᠪᠠᠨ ᠶᠣᠰᠤᠨ ᠤ ᠬᠡᠯᠡᠯᠴᠡᠭᠡ ᠬᠢᠵᠦ᠂ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠣᠯᠤᠨ ᠪᠦᠰᠡ ᠨᠤᠲᠤᠭ᠂ ᠣᠯᠠᠨ ᠤᠯᠤᠰ ᠤᠨ ᠲᠠᠪᠴᠠᠩ ᠳ᠋ᠠᠬᠢ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠨ᠎ᠠ᠃
ᠮᠣᠩ᠋ᠭᠤᠯ ᠤᠯᠤᠰ ᠲᠦᠷᠻᠮᠧᠨᠢᠰᠲ᠋ᠠᠨ ᠤᠯᠤᠰ ᠲᠠᠢ 1992 ᠣᠨ ᠤ 04 ᠊ᠳ᠋ᠦᠭᠡᠷ ᠰᠠᠷ᠎ᠠ ᠢᠢᠨ 23 ᠤ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃