ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠰᠧᠷᠳᠠᠷ ᠪᠧᠷᠳᠢᠮᠦ᠋ᠾᠠᠮᠧᠳᠣᠸ ᠢ ᠳᠠ᠊·ᠰᠦᠬᠡᠪᠠᠭᠠᠲᠤᠷ ᠤᠨ ᠲᠠᠯᠠᠪᠠᠢ ᠳᠤ ᠤᠭᠲᠤᠵᠤ ᠠᠪᠤᠯ᠎ᠠ᠃
ᠲᠥᠷᠦ ᠢᠢᠨ ᠬᠦᠨᠳᠦᠲᠦ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮ ᠳᠥ ᠬᠣᠶᠠᠷ ᠤᠯᠤᠰ ᠤᠨ ᠲᠥᠷᠦ ᠢᠢᠨ ᠳᠠᠭᠤᠯᠠᠯ ᠡᠭᠡᠰᠢᠭᠯᠡᠪᠡ᠃ ᠶᠡᠷᠦᠩᠬᠡᠢᠢᠯᠡᠭᠴᠢ ᠨᠠᠷ ᠲᠥᠷᠦ ᠢᠢᠨ ᠶᠣᠰᠤᠯᠠᠯ ᠤᠨ ᠴᠡᠷᠢᠭ ᠦᠨ ᠴᠠᠭᠠᠨ ᠲᠤᠭ ᠲᠤ ᠮᠡᠬᠦᠢᠢᠨ ᠶᠤᠰᠤᠯᠠᠵᠤ᠂ ᠶᠡᠷᠦᠩᠬᠡᠢᠢᠯᠡᠭᠴᠢ ᠰᠧᠷᠳᠠᠷ ᠪᠧᠷᠳᠢᠮᠦ᠋ᠾᠠᠮᠧᠳᠣᠸ ᠲᠥᠷᠦ ᠢᠢᠨ ᠬᠦᠨᠳᠦᠲᠦ ᠬᠠᠷᠠᠭᠤᠯ ᠤᠨ ᠴᠡᠷᠢᠭ ᠦᠳ ᠲᠡᠢ ᠮᠡᠨᠳᠦᠴᠢᠯᠡᠯ᠎ᠡ᠃
ᠲᠥᠷᠦ ᠢᠢᠨ ᠲᠡᠷᠢᠭᠦᠨ ᠨᠠᠷ ᠤᠭᠲᠤᠬᠤ ᠶᠣᠰᠤᠯᠠᠯ ᠳᠤ ᠬᠦᠷᠦᠯᠴᠡᠨ ᠢᠷᠡᠭᠰᠡᠨ ᠮᠣᠩ᠋ᠭᠤᠯ ᠤᠯᠤᠰ ᠪᠣᠯᠤᠨ ᠲᠦᠷᠻᠮᠧᠨᠢᠰᠲ᠋ᠠᠨ ᠤᠯᠤᠰ ᠤᠨ ᠠᠯᠪᠠᠨ ᠤ ᠲᠥᠯᠦᠭᠡᠯᠡᠭᠴᠢᠳ᠂ ᠮᠣᠩ᠋ᠭᠤᠯ ᠤᠯᠤᠰ ᠲᠤ ᠰᠠᠭᠤᠭ᠎ᠠ ᠳ᠋ᠢᠫᠯᠣᠮᠠᠲ ᠲᠥᠯᠦᠭᠡᠯᠡᠭᠴᠢ ᠢᠢᠨ ᠭᠠᠵᠠᠷ ᠤᠳ ᠤᠨ ᠲᠡᠷᠢᠭᠦᠨ᠂ ᠣᠯᠠᠨ ᠤᠯᠤᠰ ᠤᠨ ᠪᠠᠢᠢᠭᠤᠯᠤᠯᠭ᠎ᠠ ᠢᠢᠨ ᠰᠠᠭᠤᠷᠢᠨ ᠲᠥᠯᠦᠭᠡᠯᠡᠭᠴᠢᠳ ᠲᠡᠢ ᠮᠡᠨᠳᠦᠴᠢᠯᠡᠪᠡ᠃
ᠰᠧᠷᠳᠠᠷ ᠪᠧᠷᠳᠢᠮᠦ᠋ᠾᠠᠮᠧᠳᠣᠸ ᠲᠥᠷᠦ ᠢᠢᠨ ᠣᠷᠳᠤᠨ ᠤ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠭᠰᠠᠨ ᠤ ᠳᠠᠷᠠᠭ᠎ᠠ ᠬᠣᠶᠠᠷ ᠤᠯᠤᠰ ᠤᠨ ᠶᠡᠷᠦᠩᠬᠡᠢᠢᠯᠡᠭᠴᠢ ᠭᠠᠭᠴᠠᠭᠠᠷᠴᠢᠯᠠᠭᠰᠠᠨ ᠠᠭᠤᠯᠵᠠᠯᠲᠠ ᠬᠢᠯ᠎ᠡ᠃
ᠲᠦᠷᠻᠮᠧᠨᠢᠰᠲ᠋ᠠᠨ ᠤ ᠶᠡᠷᠦᠩᠬᠡᠢᠢᠯᠡᠭᠴᠢ ᠢᠢᠨ ᠬᠤᠪᠢ ᠪᠠᠷ ᠠᠩᠬ᠎ᠠ ᠤᠳᠠᠭ᠎ᠠ ᠬᠢᠵᠦ ᠪᠤᠢ ᠲᠥᠷᠦ ᠢᠢᠨ ᠠᠢᠢᠯᠴᠢᠯᠠᠯ ᠤᠨ ᠦᠶ᠎ᠡ ᠪᠡᠷ ᠲᠠᠯ᠎ᠠ ᠨᠤᠭᠤᠳ ᠬᠤᠳᠠᠯᠳᠤᠭ᠎ᠠ᠂ ᠡᠳ᠋ ᠦᠨ ᠵᠠᠰᠠᠭ᠂ ᠬᠥᠩ᠋ᠭᠡᠨ ᠦᠢᠯᠡᠳᠪᠦᠷᠢ᠂ ᠰᠢᠨᠵᠢᠯᠡᠬᠦ ᠤᠬᠠᠭᠠᠨ᠂ ᠪᠣᠯᠪᠠᠰᠤᠷᠠᠯ᠂ ᠰᠣᠶᠤᠯ᠂ ᠡᠷᠡᠭᠦᠯ ᠮᠡᠨᠳᠦ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠲᠡᠢ ᠬᠣᠯᠪᠤᠭ᠎ᠠ ᠲᠠᠢ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠨ᠎ᠠ᠃
ᠠᠢᠢᠯᠴᠢᠯᠠᠯ ᠤᠨ ᠬᠦᠷᠢᠶᠡᠨ ᠳᠥ ᠮᠣᠩ᠋ᠭᠤᠯ᠂ ᠲᠦᠷᠻᠮᠧᠨᠢᠰᠲ᠋ᠠᠨ ᠤ ᠪᠢᠽᠢᠨᠧᠰ ᠹᠣᠷᠦᠢᠮ᠂ ᠲᠦᠷᠻᠮᠧᠨᠢᠰᠲ᠋ᠠᠨ ᠤ ᠭᠠᠷ ᠤᠷᠠᠯᠠᠯ᠂ ᠬᠡᠪᠢᠰ ᠦᠨ ᠦᠵᠡᠰᠬᠦᠯᠡᠩ᠂ ᠬᠤᠳᠠᠯᠳᠤᠭ᠎ᠠ ᠪᠣᠯᠤᠨ ᠰᠣᠶᠤᠯ ᠤᠨ ᠬᠠᠮᠲᠤᠷᠠᠭᠰᠠᠨ ᠲᠣᠭᠯᠠᠯᠲᠠ ᠵᠣᠬᠢᠶᠠᠨ ᠪᠠᠢᠢᠭᠤᠯᠬᠤ ᠶᠤᠮ᠃










