ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠰᠧᠷᠳᠠᠷ ᠪᠧᠷᠳᠢᠮᠦ᠋ᠾᠠᠮᠧᠳᠣᠸ ᠤᠨ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠰᠧᠷᠳᠠᠷ ᠪᠧᠷᠳᠢᠮᠦ᠋ᠾᠠᠮᠧᠳᠣᠸ ᠨᠠᠷ «ᠮᠣᠩ᠋ᠭᠤᠯ᠂ ᠲᠦᠷᠻᠮᠧᠨᠢᠰᠲ᠋ᠠᠨ ᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠲᠤᠬᠠᠶ ᠬᠠᠮᠲᠤᠷᠠᠭᠰᠠᠨ ᠮᠡᠳᠡᠭᠳᠡᠯ» ᠳ᠋ᠥ ᠭᠠᠷ ᠤᠨ ᠦᠰᠦᠭ ᠵᠢᠷᠤᠯ᠎ᠠ᠃
1. «ᠮᠣᠩ᠋ᠭᠤᠯ᠂ ᠲᠦᠷᠻᠮᠧᠨᠢᠰᠲ᠋ᠠᠨ ᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠲᠤᠬᠠᠶ ᠬᠠᠮᠲᠤᠷᠠᠭᠰᠠᠨ ᠮᠡᠳᠡᠭᠳᠡᠯ»
ᠲᠠᠯ᠎ᠠ ᠨᠤᠭᠤᠳ ᠤᠯᠤᠰ ᠲᠥᠷᠦ ᠢᠢᠨ ᠶᠠᠷᠢᠶ᠎ᠠ ᠬᠡᠯᠡᠯᠴᠡᠭᠡ ᠢᠢ ᠲᠣᠭᠲᠠᠮᠠᠯᠵᠢᠭᠤᠯᠬᠤ᠂ ᠬᠤᠳᠠᠯᠳᠤᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠲᠡᠭᠡᠭᠡᠪᠦᠷᠢ᠂ ᠯᠣᠭᠢᠰᠲ᠋ᠢᠭ᠂ ᠬᠥᠳᠡᠭᠡ ᠠᠵᠤ ᠠᠬᠤᠶ᠂ ᠬᠦᠷᠢᠶᠡᠯᠡᠩ ᠪᠤᠢ ᠣᠷᠴᠢᠨ ᠢ ᠬᠠᠮᠠᠭᠠᠯᠠᠬᠤ ᠵᠡᠷᠭᠡ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ ᠢᠢᠨ ᠴᠢᠬᠤᠯᠠ ᠢᠢ ᠣᠨᠴᠠᠯᠠᠯ᠎ᠠ᠃
2. «ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠬᠠᠮᠲᠤᠷᠠᠭᠰᠠᠨ ᠻᠣᠮᠢᠰᠰ ᠪᠠᠢᠢᠭᠤᠯᠬᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠲᠦᠷᠻᠮᠧᠨᠢᠰᠲ᠋ᠠᠨ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ
ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠲᠦᠷᠻᠮᠧᠨᠢᠰᠲ᠋ᠠᠨ ᠤᠯᠤᠰ ᠤᠨ ᠰᠢᠳᠠᠷ ᠰᠠᠢᠢᠳ ᠪᠥᠭᠡᠳ ᠭᠠᠳᠠᠭᠠᠳᠤ ᠬᠡᠷᠡᠭ ᠦᠨ ᠰᠠᠢᠢᠳ ᠷᠠᠱᠢᠳ᠋ ᠮᠧᠷᠧᠳᠣᠸ᠂
ᠬᠠᠮᠲᠤᠷᠠᠭᠰᠠᠨ ᠻᠣᠮᠢᠰᠰ ᠪᠠᠢᠢᠭᠤᠯᠵᠤ᠂ ᠡᠳ᠋ ᠦᠨ ᠵᠠᠰᠠᠭ᠂ ᠬᠤᠳᠠᠯᠳᠤᠭ᠎ᠠ᠂ ᠰᠢᠨᠵᠢᠯᠡᠬᠦ ᠤᠬᠠᠭᠠᠨ᠂ ᠲᠧᠭᠨᠢᠭ᠂ ᠲᠧᠭᠨᠣᠯᠤᠭᠢ᠂ ᠳᠡᠭᠡᠳᠦ ᠪᠣᠯᠪᠠᠰᠤᠷᠠᠯ᠂ ᠬᠦᠨᠡᠰᠦ᠂ ᠬᠥᠳᠡᠭᠡ ᠠᠵᠤ ᠠᠬᠤᠶ᠂ ᠰᠣᠶᠤᠯ ᠤᠨ ᠰᠠᠯᠪᠤᠷᠢ ᠢᠢᠨ ᠠᠰᠠᠭᠤᠳᠠᠯ ᠢᠶᠠᠷ ᠬᠠᠮᠲᠤ ᠢᠢᠨ ᠠᠵᠢᠯᠯᠠᠭᠠᠨ ᠤ ᠵᠥᠪᠯᠡᠯᠳᠦᠬᠦ ᠠᠭᠤᠯᠵᠠᠯᠲᠠ ᠨᠤᠭᠤᠳ ᠢ ᠬᠣᠶᠠᠷ ᠵᠢᠯ ᠳᠥ ᠨᠢᠭᠡ ᠤᠳᠠᠭ᠎ᠠ ᠵᠣᠬᠢᠶᠠᠨ ᠪᠠᠢᠢᠭᠤᠯᠤᠨ᠎ᠠ᠃
3. «ᠡᠳ᠋ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠲᠦᠷᠻᠮᠧᠨᠢᠰᠲ᠋ᠠᠨ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠶᠡᠷᠦᠩᠬᠡᠶ ᠬᠡᠯᠡᠯᠴᠡᠭᠡᠷ» ᠲ᠋ᠥ
ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠲᠦᠷᠻᠮᠧᠨᠢᠰᠲ᠋ᠠᠨ ᠤᠯᠤᠰ ᠤᠨ ᠰᠢᠳᠠᠷ ᠰᠠᠢᠢᠳ ᠾᠣᠳ᠋ᠵᠠᠮᠢᠷᠠᠲ᠋ ᠭᠧᠯᠳᠢᠮᠦ᠋ᠷᠠᠳᠣᠸ᠂
ᠬᠠᠷᠢᠯᠴᠠᠨ ᠠᠰᠢᠭ ᠲᠠᠢ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠵᠣᠷᠢᠯᠭ᠎ᠠ ᠪᠠᠷ ᠡᠷᠴᠢᠮ ᠬᠦᠴᠦ᠂ ᠲᠡᠭᠡᠭᠡᠪᠦᠷᠢ᠂ ᠬᠠᠷᠢᠯᠴᠠᠭ᠎ᠠ ᠬᠣᠯᠪᠤᠭ᠎ᠠ᠂ ᠳᠡᠳ᠋ ᠪᠦᠲᠦᠴᠡ᠂ ᠬᠥᠩ᠋ᠭᠡᠨ ᠦᠢᠯᠡᠳᠪᠦᠷᠢᠯᠡᠯ᠂ ᠬᠥᠳᠡᠭᠡ ᠠᠵᠤ ᠠᠬᠤᠶ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠮᠡᠳᠡᠭᠡᠯᠡᠯ᠂ ᠲᠤᠷᠰᠢᠯᠭ᠎ᠠ ᠰᠣᠯᠢᠯᠴᠠᠬᠤ᠂ ᠬᠠᠮᠲᠤᠷᠠᠭᠰᠠᠨ ᠬᠥᠲᠦᠯᠪᠦᠷᠢ ᠬᠡᠷᠡᠭᠵᠢᠭᠦᠯᠬᠦ᠂ ᠪᠢᠽᠢᠨᠧᠰ ᠡᠷᠬᠢᠯᠡᠭᠴᠢᠳ ᠦᠨ ᠬᠠᠮᠲᠤ ᠢᠢᠨ ᠠᠵᠢᠯᠯᠠᠭ᠎ᠠ ᠢᠢ ᠳᠡᠮᠵᠢᠬᠦ ᠵᠡᠷᠭᠡ ᠠᠷᠭ᠎ᠠ ᠬᠡᠮᠵᠢᠶ᠎ᠡ ᠬᠡᠷᠡᠭᠵᠢᠭᠦᠯᠦᠨ᠎ᠡ᠃
4. «ᠬᠤᠳᠠᠯᠳᠤᠭ᠎ᠠ᠂ ᠡᠳ᠋ ᠦᠨ ᠵᠠᠰᠠᠭ᠂ ᠬᠥᠷᠦᠩ᠋ᠭᠡ ᠣᠷᠤᠭᠤᠯᠤᠯᠲᠠ ᠢᠢᠨ ᠰᠠᠯᠪᠤᠷᠢ ᠳᠤ 2026-2028 ᠣᠨ ᠳᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠲᠤᠬᠠᠶ ᠮᠣᠩ᠋ᠭᠤᠯ ᠤᠯᠤᠰ ᠤᠨ ᠵᠠᠰᠠᠭ ᠤᠨ ᠭᠠᠵᠠᠷ᠂ ᠲᠦᠷᠻᠮᠧᠨᠢᠰᠲ᠋ᠠᠨ ᠤᠯᠤᠰ ᠤᠨ ᠵᠠᠰᠠᠭ ᠤᠨ ᠭᠠᠵᠠᠷ ᠬᠣᠭᠤᠷᠤᠨᠳᠤ ᠢᠢᠨ ᠳᠤᠮᠳᠠ ᠬᠤᠭᠤᠴᠠᠭᠠᠨ ᠤ ᠬᠥᠲᠦᠯᠪᠦᠷᠢ» ᠳᠥ
ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠲᠦᠷᠻᠮᠧᠨᠢᠰᠲ᠋ᠠᠨ ᠤᠯᠤᠰ ᠤᠨ ᠰᠢᠳᠠᠷ ᠰᠠᠢᠢᠳ ᠾᠣᠳ᠋ᠵᠠᠮᠢᠷᠠᠲ᠋ ᠭᠧᠯᠳᠢᠮᠦ᠋ᠷᠠᠳᠣᠸ᠂
2026-2028 ᠣᠨ ᠳᠤ ᠬᠡᠷᠡᠭᠵᠢᠭᠦᠯᠬᠦ ᠬᠠᠮᠲᠤ ᠢᠢᠨ ᠠᠵᠢᠯᠯᠠᠭᠠᠨ ᠤ ᠴᠢᠭᠯᠡᠯ ᠢᠶᠡᠨ ᠲᠣᠳᠤᠷᠬᠠᠢᠢᠯᠠᠯ᠎ᠠ᠃ ᠬᠤᠳᠠᠯᠳᠤᠭ᠎ᠠ ᠢᠢ ᠥᠷᠭᠡᠵᠢᠭᠦᠯᠬᠦ ᠵᠣᠷᠢᠯᠭ᠎ᠠ ᠪᠠᠷ ᠬᠠᠷᠢᠯᠴᠠᠨ ᠰᠣᠯᠢᠯᠴᠠᠬᠤ ᠪᠣᠯᠤᠮᠵᠢ ᠲᠠᠢ ᠪᠠᠷᠠᠭ᠎ᠠ᠂ ᠦᠢᠯᠡᠴᠢᠯᠡᠭᠡᠨ ᠦ ᠲᠣᠭ᠎ᠠ ᠢᠢ ᠨᠡᠮᠡᠭᠳᠡᠭᠦᠯᠬᠦ᠂ ᠨᠡᠮᠡᠭᠦᠦ ᠥᠷᠲᠡᠭ ᠰᠢᠩ᠋ᠭᠡᠭ᠍ᠰᠡᠨ ᠪᠦᠲᠦᠭᠡᠭ᠍ᠳᠡᠬᠦᠨ ᠦ ᠡᠻᠰᠫᠣᠷᠲ ᠢ ᠬᠠᠷᠢᠯᠴᠠᠨ ᠳᠡᠮᠵᠢᠬᠦ᠂ ᠵᠢᠵᠢᠭ᠂ ᠳᠤᠮᠳᠠ ᠪᠢᠽᠢᠨᠧᠰ ᠦᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠬᠥᠷᠦᠩ᠋ᠭᠡ ᠣᠷᠤᠭᠤᠯᠤᠯᠲᠠ ᠲᠠᠲᠠᠬᠤ᠂ ᠲᠡᠭᠡᠭᠡᠪᠦᠷᠢ᠂ ᠯᠣᠭᠢᠰᠲ᠋ᠢᠭ ᠤᠨ ᠳᠡᠳ᠋ ᠪᠦᠲᠦᠴᠡ ᠢᠢ ᠬᠥᠭ᠍ᠵᠢᠭᠦᠯᠬᠦ᠂ ᠬᠥᠳᠡᠭᠡ ᠠᠵᠤ ᠠᠬᠤᠶ ᠢᠢᠨ ᠪᠦᠲᠦᠭᠡᠭ᠍ᠳᠡᠬᠦᠨ ᠪᠣᠯᠪᠠᠰᠤᠷᠠᠭᠤᠯᠤᠯᠲᠠ᠂ ᠪᠠᠷᠢᠯᠭ᠎ᠠ᠂ ᠮᠠᠯ ᠡᠮᠨᠡᠯᠭᠡ ᠢᠢᠨ ᠴᠢᠭᠯᠡᠯ ᠢᠶᠡᠷ ᠬᠠᠮᠲᠤᠷᠠᠨ ᠠᠵᠢᠯᠯᠠᠨ᠎ᠠ᠃ ᠪᠢᠽᠢᠨᠧᠰ ᠹᠣᠷᠦᠢᠮ ᠲᠣᠭᠲᠠᠮᠠᠯ ᠵᠣᠬᠢᠶᠠᠵᠤ᠂ ᠬᠣᠶᠠᠷ ᠤᠯᠤᠰ ᠤᠨ ᠵᠠᠬ᠎ᠠ ᠵᠡᠭᠡᠯᠢ ᠳᠥ ᠪᠠᠷᠠᠭ᠎ᠠ᠂ ᠪᠦᠲᠦᠭᠡᠭ᠍ᠳᠡᠬᠦᠨ ᠢᠶᠡᠨ ᠱᠠᠲᠤ ᠳᠠᠷᠠᠭ᠎ᠠ ᠲᠠᠢ ᠲᠠᠨᠢᠭᠤᠯᠤᠨ᠎ᠠ᠃
5. «ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤ᠂ ᠲᠦᠷᠻᠮᠧᠨᠢᠰᠲ᠋ᠠᠨ ᠤᠯᠤᠰ ᠤᠨ ᠭᠠᠳᠠᠭᠠᠳᠤ ᠬᠡᠷᠡᠭ ᠦᠨ ᠶᠠᠮᠤ ᠬᠣᠭᠤᠷᠤᠨᠳᠤ ᠢᠢᠨ 2026-2027 ᠣᠨ ᠤ ᠬᠠᠮᠲᠤ ᠢᠢᠨ ᠠᠵᠢᠯᠯᠠᠭᠠᠨ ᠤ ᠬᠥᠲᠦᠯᠪᠦᠷᠢ» ᠳᠥ
ᠮᠣᠩ᠋ᠭᠤᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠪᠠᠲᠤᠮᠥ᠋ᠩᠬᠡ ᠢᠢᠨ ᠪᠠᠲᠤᠴᠡᠴᠡᠭ᠌᠂ ᠲᠦᠷᠻᠮᠧᠨᠢᠰᠲ᠋ᠠᠨ ᠤᠯᠤᠰ ᠤᠨ ᠰᠢᠳᠠᠷ ᠰᠠᠢᠢᠳ ᠪᠥᠭᠡᠳ ᠭᠠᠳᠠᠭᠠᠳᠤ ᠬᠡᠷᠡᠭ ᠦᠨ ᠰᠠᠢᠢᠳ ᠷᠠᠱᠢᠳ᠋ ᠮᠧᠷᠧᠳᠣᠸ᠂
ᠶᠠᠮᠤ ᠬᠣᠭᠤᠷᠤᠨᠳᠤ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ᠂ ᠣᠯᠠᠨ ᠤᠯᠤᠰ᠂ ᠪᠦᠰᠡ ᠨᠤᠲᠤᠭ ᠤᠨ ᠬᠠᠷᠢᠯᠴᠠᠨ ᠰᠣᠨᠢᠷᠬᠠᠭᠰᠠᠨ ᠠᠰᠠᠭᠤᠳᠠᠯ ᠢᠶᠠᠷ ᠵᠥᠪᠯᠡᠯᠳᠦᠬᠦ ᠠᠭᠤᠯᠵᠠᠯᠲᠠ ᠢᠢ ᠲᠣᠭᠲᠠᠮᠠᠯ ᠵᠣᠬᠢᠶᠠᠨ ᠪᠠᠢᠢᠭᠤᠯᠵᠤ᠂ ᠮᠡᠳᠡᠭᠡᠯᠡᠯ ᠰᠣᠯᠢᠯᠴᠠᠨ᠎ᠠ᠃

6. «ᠬᠥᠩ᠋ᠭᠡᠨ ᠦᠢᠯᠡᠳᠪᠦᠷᠢ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠬᠦᠨᠡᠰᠦ᠂ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠶᠠᠮᠤ᠂ ᠲᠦᠷᠻᠮᠧᠨᠢᠰᠲ᠋ᠠᠨ ᠤᠯᠤᠰ ᠤᠨ ᠬᠥᠩ᠋ᠭᠡᠨ ᠦᠢᠯᠡᠳᠪᠦᠷᠢ ᠢᠢᠨ ᠶᠠᠮᠤ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠯᠤᠰ ᠤᠨ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠢᠢᠨ ᠰᠠᠢᠢᠳ ᠵᠠᠳᠳᠣᠩᠪᠠ ᠢᠢᠨ ᠡᠩᠬᠡᠪᠠᠶᠠᠷ᠂ ᠲᠦᠷᠻᠮᠧᠨᠢᠰᠲ᠋ᠠᠨ ᠤᠯᠤᠰ ᠤᠨ ᠬᠥᠩ᠋ᠭᠡᠨ ᠦᠢᠯᠡᠳᠪᠦᠷᠢ ᠢᠢᠨ ᠰᠠᠢᠢᠳ ᠨᠦᠷᠮᠦ᠋ᠾᠠᠮᠮᠧᠲ᠋ ᠣᠷᠠᠽᠭᠧᠯᠳᠢᠶᠧᠸ᠂
ᠬᠠᠮᠲᠤ ᠢᠢᠨ ᠠᠵᠢᠯᠯᠠᠭᠠᠨ ᠤ ᠲᠣᠳᠤᠷᠬᠠᠶ ᠴᠢᠭᠯᠡᠯ ᠢ ᠬᠠᠷᠢᠯᠴᠠᠨ ᠲᠣᠬᠢᠷᠠᠯᠴᠠᠵᠤ᠂ ᠢᠯᠠᠩ᠋ᠭᠤᠶ᠎ᠠ ᠨᠡᠬᠡᠮᠡᠯ᠂ ᠣᠶᠤᠳᠠᠯ ᠤᠨ ᠦᠢᠯᠡᠳᠪᠦᠷᠢᠯᠡᠯ ᠦᠨ ᠴᠢᠭᠯᠡᠯ ᠳᠥ ᠬᠠᠷᠢᠯᠴᠠᠨ ᠠᠰᠢᠭ ᠲᠠᠢ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠦᠨ᠎ᠡ᠃ ᠲᠦᠷᠻᠮᠧᠨᠢᠰᠲ᠋ᠠᠨ ᠤᠯᠤᠰ ᠲᠤ ᠰᠸᠢᠴᠸᠷᠯᠠᠨ᠋ᠳ᠋᠂ ᠭᠧᠷᠮᠠᠨ᠂ ᠢᠲ᠋ᠠᠯᠢ᠂ ᠪᠧᠯᠭᠢ᠂ ᠶᠠᠫᠣᠨ ᠵᠡᠷᠭᠡ ᠣᠷᠤᠨ ᠤ ᠥᠨᠳᠦᠷ ᠲᠧᠭᠨᠣᠯᠤᠭᠢ ᠪᠦᠬᠦᠢ 80 ᠭᠠᠷᠤᠶ ᠲᠥᠷᠦᠯ ᠪᠦᠷᠢ ᠢᠢᠨ ᠲᠣᠮᠣᠬᠠᠨ ᠣᠶᠤᠳᠠᠯ ᠤᠨ ᠴᠣᠭᠴᠠᠯᠠᠪᠤᠷᠢ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃

7. «ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠪᠣᠯᠪᠠᠰᠤᠷᠠᠯ ᠤᠨ ᠶᠠᠮᠤ᠂ ᠲᠦᠷᠻᠮᠧᠨᠢᠰᠲ᠋ᠠᠨ ᠤᠯᠤᠰ ᠤᠨ ᠪᠣᠯᠪᠠᠰᠤᠷᠠᠯ ᠤᠨ ᠶᠠᠮᠤ ᠬᠣᠭᠤᠷᠤᠨᠳᠤ ᠢᠢᠨ ᠬᠡᠯᠡᠯᠴᠡᠭᠡᠷ» ᠲ᠋ᠥ
ᠮᠣᠩ᠋ᠭᠤᠯ ᠤᠯᠤᠰ ᠤᠨ ᠪᠣᠯᠪᠠᠰᠤᠷᠠᠯ ᠤᠨ ᠰᠠᠢᠢᠳ ᠫᠦᠷᠪᠦᠰᠦ᠋ᠷᠦᠩ ᠦᠨ ᠨᠠᠷᠠᠨᠪᠠᠶᠠᠷ᠂ ᠲᠦᠷᠻᠮᠧᠨᠢᠰᠲ᠋ᠠᠨ ᠤᠯᠤᠰ ᠤᠨ ᠪᠣᠯᠪᠠᠰᠤᠷᠠᠯ ᠤᠨ ᠰᠠᠢᠢᠳ ᠳ᠋ᠵᠦ᠋ᠮᠠᠮᠢᠷᠠᠲ᠋ ᠭᠦᠷᠪᠠᠨ᠋ᠭᠧᠯᠳᠢᠶᠧᠸ᠂
ᠳᠡᠭᠡᠳᠦ ᠪᠣᠯᠪᠠᠰᠤᠷᠠᠯ ᠤᠨ ᠰᠤᠷᠭᠠᠯᠲᠠ ᠢᠢᠨ ᠪᠠᠢᠢᠭᠤᠯᠤᠯᠭ᠎ᠠ ᠳᠤ ᠰᠤᠷᠤᠯᠴᠠᠬᠤ ᠪᠣᠯᠤᠨ ᠰᠤᠳᠤᠯᠭ᠎ᠠ ᠬᠢᠬᠦ ᠲᠡᠳᠬᠦᠯᠭᠡ ᠢᠢ ᠬᠠᠷᠢᠯᠴᠠᠨ ᠣᠯᠭᠤᠬᠤ᠂ ᠪᠣᠯᠪᠠᠰᠤᠷᠠᠯ ᠤᠨ ᠪᠠᠷᠢᠮᠲᠠ ᠪᠢᠴᠢᠭ᠌᠂ ᠡᠷᠳᠡᠮ ᠦᠨ ᠵᠡᠷᠭᠡ᠂ ᠴᠣᠯᠠ ᠢᠢ ᠬᠠᠷᠢᠯᠴᠠᠨ ᠬᠦᠯᠢᠶᠡᠨ ᠵᠥᠪᠰᠢᠶᠡᠷᠡᠬᠦ ᠲᠠᠯ᠎ᠠ ᠪᠠᠷ ᠮᠡᠳᠡᠭᠡᠯᠡᠯ ᠰᠣᠯᠢᠯᠴᠠᠬᠤ᠂ ᠵᠥᠪᠰᠢᠯᠴᠡᠬᠦ ᠵᠠᠮ ᠢᠶᠠᠷ ᠬᠠᠮᠲᠤ ᠢᠢᠨ ᠠᠵᠢᠯᠯᠠᠭᠠᠨ ᠤ ᠲᠠᠭ᠎ᠠ ᠲᠠᠢ ᠨᠥᠬᠦᠴᠡᠯ ᠪᠤᠢ ᠪᠣᠯᠭᠠᠨ᠎ᠠ᠃

8. «ᠤᠯᠠᠭᠠᠨᠪᠠᠭᠠᠲᠤᠷ ᠪᠣᠯᠤᠨ ᠠᠱᠬᠠᠪᠠᠳ᠋ ᠬᠣᠲᠠ ᠬᠣᠭᠤᠷᠤᠨᠳᠤ ᠠᠬ ᠠ ᠳᠡᠭᠦᠦ ᠢᠢᠨ ᠬᠠᠷᠢᠯᠴᠠᠭ᠎ᠠ ᠲᠣᠭᠲᠠᠭᠠᠬᠤ ᠲᠤᠬᠠᠶ ᠮᠣᠩ᠋ᠭᠤᠯ ᠤᠯᠤᠰ ᠤᠨ ᠨᠡᠢᠢᠰᠯᠡᠯ ᠦᠨ ᠵᠠᠰᠠᠭ ᠳᠠᠷᠤᠭ᠎ᠠ ᠢᠢᠨ ᠲᠠᠮᠠᠭ᠎ᠠ ᠢᠢᠨ ᠭᠠᠵᠠᠷ ᠪᠣᠯᠤᠨ ᠲᠦᠷᠻᠮᠧᠨᠢᠰᠲ᠋ᠠᠨ ᠤᠯᠤᠰ ᠤᠨ ᠠᠱᠬᠠᠪᠠᠳ᠋ ᠬᠣᠲᠠ ᠢᠢᠨ ᠵᠠᠬᠢᠷᠭ᠎ᠠ ᠬᠣᠭᠤᠷᠤᠨᠳᠤ ᠢᠢᠨ ᠰᠠᠨᠠᠮᠵᠢ ᠪᠢᠴᠢᠭ᠌» ᠲ᠋ᠥ
ᠨᠡᠢᠢᠰᠯᠡᠯ ᠦᠨ ᠵᠠᠰᠠᠭ ᠳᠠᠷᠤᠭ᠎ᠠ ᠪᠥᠭᠡᠳ ᠤᠯᠠᠭᠠᠨᠪᠠᠭᠠᠲᠤᠷ ᠬᠣᠲᠠ ᠢᠢᠨ ᠵᠠᠬᠢᠷᠤᠭᠴᠢ ᠬᠡᠰᠢᠭ᠌ ᠦᠨ ᠨᠢᠮᠠᠪᠠᠭᠠᠲᠤᠷ᠂ ᠲᠦᠷᠻᠮᠧᠨᠢᠰᠲ᠋ᠠᠨ ᠤᠯᠤᠰ ᠤᠨ ᠰᠢᠳᠠᠷ ᠰᠠᠢᠢᠳ ᠪᠠᠢᠢᠮᠢᠷᠠᠲ᠋ ᠠᠨ᠋᠊ᠨᠠᠮᠠᠮᠮᠧᠳᠣᠸ᠂
ᠨᠡᠢᠢᠰᠯᠡᠯ ᠬᠣᠲᠠ ᠨᠤᠭᠤᠳ ᠬᠠᠷᠢᠯᠴᠠᠨ ᠢᠲᠡᠭᠡᠯᠴᠡᠯ᠂ ᠪᠡᠶ᠎ᠡ ᠪᠡᠶ᠎ᠡ ᠢᠢᠨ ᠰᠣᠨᠢᠷᠬᠠᠯ ᠢ ᠬᠦᠨᠳᠦᠳᠬᠡᠬᠦ ᠵᠠᠷᠴᠢᠮ ᠳᠤ ᠲᠤᠯᠭᠠᠭᠤᠷᠢᠯᠠᠨ ᠢᠨ᠋᠊ᠨᠣᠸᠠᠼ᠂ ᠬᠤᠳᠠᠯᠳᠤᠭ᠎ᠠ᠂ ᠡᠳ᠋ ᠦᠨ ᠵᠠᠰᠠᠭ᠂ ᠡᠷᠳᠡᠮ ᠰᠢᠨᠵᠢᠯᠡᠭᠡ᠂ ᠰᠣᠶᠤᠯ᠂ ᠰᠫᠣᠷᠲ᠂ ᠠᠶᠠᠯᠠᠯ ᠵᠢᠭᠤᠯᠴᠢᠯᠠᠯ ᠪᠣᠯᠤᠨ ᠪᠤᠰᠤᠳ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠵᠦ᠂ ᠬᠣᠲᠠ ᠨᠤᠭᠤᠳ ᠤᠨ ᠠᠯᠪᠠᠨ ᠤ ᠲᠥᠯᠦᠭᠡᠯᠡᠭᠴᠢᠳ ᠪᠣᠯᠤᠨ ᠠᠵᠤ ᠠᠬᠤᠶ ᠢᠢᠨ ᠨᠢᠭᠡᠴᠡ ᠢᠢᠨ ᠰᠣᠯᠢᠯᠴᠠᠭ᠎ᠠ ᠢᠢ ᠳᠡᠮᠵᠢᠨ᠎ᠡ᠃

9. «ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ᠂ ᠲᠦᠷᠻᠮᠧᠨᠢᠰᠲ᠋ᠠᠨ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠲᠡᠷᠢᠭᠦᠨ ᠳᠡᠳ᠋ ᠶᠡᠷᠦᠩᠬᠡᠢᠢᠯᠡᠭᠴᠢ ᠪᠦᠳᠡᠪᠠᠵᠠᠷ ᠤᠨ ᠠᠪᠢᠳᠠ᠂ ᠲᠦᠷᠻᠮᠧᠨᠢᠰᠲ᠋ᠠᠨ ᠤᠯᠤᠰ ᠤᠨ ᠰᠢᠨᠵᠢᠯᠡᠬᠦ ᠤᠬᠠᠭᠠᠨ ᠤ ᠠᠻᠠᠳᠧᠮᠢ ᠢᠢᠨ ᠶᠡᠷᠦᠩᠬᠡᠢᠢᠯᠡᠭᠴᠢ ᠠᠯᠯᠠᠪᠧᠷᠳᠢ ᠠᠱᠢᠷᠣᠸ᠂
ᠰᠢᠨᠵᠢᠯᠡᠬᠦ ᠤᠬᠠᠭᠠᠨ᠂ ᠰᠢᠨ᠎ᠡ ᠲᠧᠭᠨᠣᠯᠤᠭᠢ᠂ ᠢᠨ᠋᠊ᠨᠣᠸᠠᠼ ᠤᠨ ᠴᠢᠭᠯᠡᠯ ᠢᠶᠡᠷ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠬᠠᠷᠢᠯᠴᠠᠭ᠎ᠠ ᠬᠣᠯᠪᠤᠭ᠎ᠠ ᠢᠢ ᠪᠡᠬᠢᠵᠢᠭᠦᠯᠬᠦ᠂ ᠬᠠᠮᠲᠤᠷᠠᠭᠰᠠᠨ ᠡᠷᠳᠡᠮ ᠰᠢᠨᠵᠢᠯᠡᠭᠡᠨ ᠦ ᠬᠤᠷᠠᠯ᠂ ᠰᠢᠮᠫᠣᠽᠢ᠊ᠦ᠋ᠮ᠂ ᠰᠧᠮᠢᠨᠠᠷ᠂ ᠠᠭᠤᠯᠵᠠᠯᠲᠠ ᠵᠣᠬᠢᠶᠠᠨ ᠪᠠᠢᠢᠭᠤᠯᠬᠤ ᠵᠠᠮ ᠢᠶᠠᠷ ᠬᠠᠮᠲᠤᠷᠠᠨ ᠠᠵᠢᠯᠯᠠᠬᠤ ᠪᠣᠯᠤᠮᠵᠢ ᠪᠦᠷᠢᠳᠦᠯ᠎ᠡ᠃

10. «ᠮᠣᠩ᠋ᠭᠤᠯ ᠤᠯᠤᠰ ᠤᠨ «ᠴᠢᠩᠬᠢᠰ ᠬᠠᠭᠠᠨ» ᠦᠨᠳᠦᠰᠦᠨ ᠦ ᠮᠦᠽᠧᠶ᠂ ᠲᠦᠷᠻᠮᠧᠨᠢᠰᠲ᠋ᠠᠨ ᠤᠯᠤᠰ ᠤᠨ ᠦᠨᠳᠦᠰᠦᠨ ᠦ ᠮᠦᠽᠧᠶ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
«ᠴᠢᠩᠬᠢᠰ ᠬᠠᠭᠠᠨ» ᠦᠨᠳᠦᠰᠦᠨ ᠦ ᠮᠦᠽᠧᠶ ᠢᠢᠨ ᠵᠠᠬᠢᠷᠤᠯ᠂ ᠠᠻᠠᠳᠧᠮᠢᠴᠢ ᠰᠠᠮᠫᠢᠯᠳᠣᠨᠳᠤᠪ ᠤᠨ ᠴᠢᠯᠠᠭᠤᠨ᠂ ᠲᠦᠷᠻᠮᠧᠨᠢᠰᠲ᠋ᠠᠨ ᠤᠯᠤᠰ ᠤᠨ ᠰᠣᠶᠤᠯ ᠤᠨ ᠰᠠᠢᠢᠳ ᠠᠲ᠋ᠠᠭᠧᠯᠳᠢ ᠱᠠᠮᠢᠷᠠᠳᠣᠸ᠂
ᠦᠨᠳᠦᠰᠦᠨ ᠦ ᠮᠦᠽᠧᠶ ᠳᠥ ᠬᠠᠳᠠᠭᠠᠯᠠᠭᠳᠠᠵᠤ ᠪᠤᠢ ᠡᠷᠳᠡᠨᠢᠰ ᠢ ᠰᠡᠷᠭᠦᠭᠡᠨ ᠵᠠᠰᠠᠪᠤᠷᠢᠯᠠᠬᠤ᠂ ᠮᠦᠽᠧᠶ ᠢᠢᠨ ᠮᠡᠷᠭᠡᠵᠢᠯᠲᠡᠨ ᠨᠦᠭᠦᠳ ᠲᠥ ᠵᠣᠷᠢᠭᠤᠯᠤᠭᠰᠠᠨ ᠠᠭᠤᠯᠵᠠᠯᠲᠠ᠂ ᠰᠤᠷᠭᠠᠯᠲᠠ ᠢᠢ ᠲᠣᠭᠲᠠᠮᠠᠯ ᠵᠣᠬᠢᠶᠠᠨ ᠪᠠᠢᠢᠭᠤᠯᠬᠤ᠂ ᠬᠣᠶᠠᠷ ᠤᠯᠤᠰ ᠤᠨ ᠰᠣᠶᠤᠯ᠂ ᠲᠡᠦᠬᠡ᠂ ᠤᠯᠠᠮᠵᠢᠯᠠᠯ ᠢ ᠣᠯᠠᠨ ᠨᠡᠢᠢᠲᠡ ᠳᠥ ᠰᠤᠷᠲᠠᠯᠴᠢᠯᠠᠨ ᠲᠠᠨᠢᠭᠤᠯᠬᠤ ᠵᠡᠷᠭᠡ ᠪᠡᠷ ᠬᠠᠮᠲᠤᠷᠠᠨ ᠠᠵᠢᠯᠯᠠᠨ᠎ᠠ᠃

11. «ᠥᠷᠭᠡᠨ ᠨᠡᠪᠲᠡᠷᠡᠭᠦᠯᠭᠡ ᠢᠢᠨ ᠴᠢᠭᠯᠡᠯ ᠢᠶᠡᠷ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋᠂ ᠲᠧᠯᠧᠸᠢᠽ᠂ ᠲᠦᠷᠻᠮᠧᠨᠢᠰᠲ᠋ᠠᠨ ᠤᠯᠤᠰ ᠤᠨ ᠲᠧᠯᠧᠸᠢᠽ᠂ ᠷᠠᠳᠢᠣ᠋ ᠨᠡᠪᠲᠡᠷᠡᠭᠦᠯᠭᠡ᠂ ᠻᠢᠨᠣ᠋ ᠤᠷᠠᠯᠢᠭ ᠤᠨ ᠤᠯᠤᠰ ᠤᠨ ᠬᠣᠷᠢᠶ᠎ᠠ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠨ ᠦᠨᠳᠦᠰᠦᠨ ᠦ ᠣᠯᠠᠨ ᠨᠡᠢᠢᠲᠡ ᠢᠢᠨ ᠷᠠᠳᠢᠣ᠋᠂ ᠲᠧᠯᠧᠸᠢᠽ ᠦᠨ ᠭᠦᠢᠴᠡᠳᠬᠡᠬᠦ ᠵᠠᠬᠢᠷᠤᠯ ᠭᠠᠩᠬᠤᠶᠠᠭ ᠤᠨ ᠭᠡᠷᠡᠯ᠂ ᠲᠦᠷᠻᠮᠧᠨᠢᠰᠲ᠋ᠠᠨ ᠤᠯᠤᠰ ᠤᠨ ᠲᠧᠯᠧᠸᠢᠽ᠂ ᠷᠠᠳᠢᠣ᠋ ᠨᠡᠪᠲᠡᠷᠡᠭᠦᠯᠭᠡ᠂ ᠻᠢᠨᠣ᠋ ᠤᠷᠠᠯᠢᠭ ᠤᠨ ᠤᠯᠤᠰ ᠤᠨ ᠬᠣᠷᠢᠶᠠᠨ ᠤ ᠳᠠᠷᠤᠭ᠎ᠠ ᠮᠧᠢᠢᠯᠢᠰ ᠷᠧᠳ᠋ᠵᠧᠫᠣᠸ᠂
ᠬᠠᠷᠢᠯᠴᠠᠨ ᠨᠡᠪᠲᠡᠷᠡᠭᠦᠯᠭᠡ᠂ ᠰᠠᠢᠢᠨ ᠲᠤᠷᠰᠢᠯᠭ᠎ᠠ ᠰᠣᠯᠢᠯᠴᠠᠬᠤ᠂ ᠤᠷᠠᠨ ᠪᠦᠲᠦᠭᠡᠯ ᠬᠠᠮᠲᠤᠷᠠᠨ ᠲᠤᠭᠤᠷᠪᠢᠬᠤ᠂ ᠬᠣᠶᠠᠷ ᠤᠯᠤᠰ ᠤᠨ ᠲᠠᠯᠠᠭᠠᠷᠬᠢ ᠮᠡᠳᠡᠯᠭᠡ ᠢᠢ ᠨᠡᠮᠡᠭᠳᠡᠭᠦᠯᠵᠦ᠂ ᠰᠣᠶᠣᠨ ᠭᠡᠭᠡᠷᠡᠭᠦᠯᠬᠦ ᠴᠢᠭᠯᠡᠯ ᠢᠶᠡᠷ ᠬᠠᠮᠲᠤᠷᠠᠨ᠎ᠠ᠃

12. «ᠪᠣᠯᠪᠠᠰᠤᠷᠠᠯ᠂ ᠡᠷᠡᠭᠦᠯ ᠮᠡᠨᠳᠦ ᠢᠢᠨ ᠦᠢᠯᠡᠴᠢᠯᠡᠭᠡᠨ ᠦ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠮᠣᠩ᠋ᠭᠤᠯ ᠤᠯᠤᠰ ᠤᠨ ᠠᠨᠠᠭᠠᠬᠤ ᠢᠢᠨ ᠰᠢᠨᠵᠢᠯᠡᠬᠦ ᠤᠬᠠᠭᠠᠨ ᠤ ᠦᠨᠳᠦᠰᠦᠨ ᠦ ᠶᠡᠬᠡ ᠰᠤᠷᠭᠠᠭᠤᠯᠢ᠂ ᠲᠦᠷᠻᠮᠧᠨᠢᠰᠲ᠋ᠠᠨ ᠤᠯᠤᠰ ᠤᠨ ᠮᠢᠷᠠᠲ᠋ ᠭᠠᠷᠷᠢᠶᠧᠸ ᠤᠨ ᠨᠡᠷᠡᠮᠵᠢᠲᠦ ᠠᠨᠠᠭᠠᠬᠤ ᠤᠬᠠᠭᠠᠨ ᠤ ᠶᠡᠬᠡ ᠰᠤᠷᠭᠠᠭᠤᠯᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠯᠤᠰ ᠤᠨ ᠪᠣᠯᠪᠠᠰᠤᠷᠠᠯ ᠤᠨ ᠰᠠᠢᠢᠳ ᠫᠦᠷᠪᠦᠰᠦ᠋ᠷᠦᠩ ᠦᠨ ᠨᠠᠷᠠᠨᠪᠠᠶᠠᠷ᠂ ᠲᠦᠷᠻᠮᠧᠨᠢᠰᠲ᠋ᠠᠨ ᠤᠯᠤᠰ ᠤᠨ ᠪᠣᠯᠪᠠᠰᠤᠷᠠᠯ ᠤᠨ ᠰᠠᠢᠢᠳ ᠳ᠋ᠵᠦ᠋ᠮᠠᠮᠢᠷᠠᠲ᠋ ᠭᠦᠷᠪᠠᠨ᠋ᠭᠧᠯᠳᠢᠶᠧᠸ᠂
13. «ᠮᠣᠩ᠋ᠭᠤᠯ ᠤᠯᠤᠰ ᠤᠨ ᠶᠡᠬᠡ ᠰᠤᠷᠭᠠᠭᠤᠯᠢ ᠢᠢᠨ ᠤᠯᠤᠰ ᠲᠥᠷᠦ ᠰᠤᠳᠤᠯᠤᠯ᠂ ᠣᠯᠠᠨ ᠤᠯᠤᠰ ᠤᠨ ᠬᠠᠷᠢᠯᠴᠠᠭ᠎ᠠ᠂ ᠨᠡᠢᠢᠲᠡ ᠢᠢᠨ ᠤᠳᠤᠷᠢᠳᠤᠯᠭ᠎ᠠ ᠢᠢᠨ ᠰᠤᠷᠭᠠᠭᠤᠯᠢ᠂ ᠲᠦᠷᠻᠮᠧᠨᠢᠰᠲ᠋ᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠣᠯᠠᠨ ᠤᠯᠤᠰ ᠤᠨ ᠬᠠᠷᠢᠯᠴᠠᠭᠠᠨ ᠤ ᠳᠡᠭᠡᠳᠦ ᠰᠤᠷᠭᠠᠭᠤᠯᠢ ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠣᠩ᠋ᠭᠤᠯ ᠤᠯᠤᠰ ᠤᠨ ᠪᠣᠯᠪᠠᠰᠤᠷᠠᠯ ᠤᠨ ᠰᠠᠢᠢᠳ ᠫᠦᠷᠪᠦᠰᠦ᠋ᠷᠦᠩ ᠦᠨ ᠨᠠᠷᠠᠨᠪᠠᠶᠠᠷ᠂ ᠲᠦᠷᠻᠮᠧᠨᠢᠰᠲ᠋ᠠᠨ ᠤᠯᠤᠰ ᠤᠨ ᠪᠣᠯᠪᠠᠰᠤᠷᠠᠯ ᠤᠨ ᠰᠠᠢᠢᠳ ᠳ᠋ᠵᠦ᠋ᠮᠠᠮᠢᠷᠠᠲ᠋ ᠭᠦᠷᠪᠠᠨ᠋ᠭᠧᠯᠳᠢᠶᠧᠸ᠂
ᠶᠡᠬᠡ᠂ ᠳᠡᠭᠡᠳᠦ ᠰᠤᠷᠭᠠᠭᠤᠯᠢ ᠰᠤᠳᠤᠯᠭ᠎ᠠ᠂ ᠡᠷᠳᠡᠮ ᠰᠢᠨᠵᠢᠯᠡᠭᠡ᠂ ᠪᠣᠯᠪᠠᠰᠤᠷᠠᠯ ᠤᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠥᠷᠨᠢᠭᠦᠯᠦᠨ᠎ᠡ᠃ ᠬᠠᠮᠲᠤᠷᠠᠭᠰᠠᠨ ᠪᠠᠭ᠎ᠠ ᠬᠤᠷᠠᠯ᠂ ᠰᠧᠮᠢᠨᠠᠷ᠂ ᠡᠷᠳᠡᠮ ᠰᠢᠨᠵᠢᠯᠡᠭᠡᠨ ᠦ ᠠᠭᠤᠯᠵᠠᠯᠲᠠ᠂ ᠳᠤᠭᠤᠶ ᠰᠢᠷᠡᠭᠡᠨ ᠦ ᠬᠡᠯᠡᠯᠴᠡᠭᠦᠯᠭᠡ ᠵᠣᠬᠢᠶᠠᠨ ᠪᠠᠢᠢᠭᠤᠯᠬᠤ᠂ ᠣᠯᠠᠨ ᠤᠯᠤᠰ ᠤᠨ ᠲᠤᠯᠭᠠᠮᠳᠠᠭᠰᠠᠨ ᠠᠰᠠᠭᠤᠳᠠᠯ ᠢᠶᠠᠷ ᠬᠠᠮᠲᠤᠷᠠᠭᠰᠠᠨ ᠰᠤᠳᠤᠯᠭ᠎ᠠ ᠬᠢᠬᠦ᠂ ᠪᠠᠭᠰᠢ᠂ ᠰᠤᠳᠤᠯᠤᠭᠠᠴᠢ ᠰᠣᠯᠢᠯᠴᠠᠬᠤ ᠵᠡᠷᠭᠡ ᠴᠢᠭᠯᠡᠯ ᠢᠶᠡᠷ ᠬᠠᠮᠲᠤᠷᠠᠨ ᠠᠵᠢᠯᠯᠠᠨ᠎ᠠ᠃
14. «ᠮᠣᠩ᠋ᠭᠤᠯ ᠤᠨ ᠦᠨᠳᠦᠰᠦᠨ ᠦ ᠮᠡᠳᠡᠭᠡᠯᠡᠯ ᠦᠨ «ᠮᠣᠩ᠊ᠴᠠ᠊ᠮᠡ» ᠠᠭᠧᠨ᠋ᠲ᠋ᠯᠢᠭ ᠪᠣᠯᠤᠨ ᠲᠦᠷᠻᠮᠧᠨᠢᠰᠲ᠋ᠠᠨ ᠤᠯᠤᠰ ᠤᠨ ᠮᠡᠳᠡᠭᠡᠯᠡᠯ ᠦᠨ ᠠᠭᠧᠨ᠋ᠲ᠋ᠯᠢᠭ «ТДХ» ᠬᠣᠭᠤᠷᠤᠨᠳᠤ ᠢᠢᠨ ᠬᠠᠷᠢᠯᠴᠠᠨ ᠣᠢᠢᠯᠠᠭᠠᠯᠴᠠᠯ ᠤᠨ ᠰᠠᠨᠠᠮᠵᠢ ᠪᠢᠴᠢᠭ᠌» ᠲ᠋ᠥ
ᠮᠡᠳᠡᠭᠡᠯᠡᠯ ᠦᠨ «ᠮᠣᠩ᠊ᠴᠠ᠊ᠮᠡ» ᠠᠭᠧᠨ᠋ᠲ᠋ᠯᠢᠭ ᠤᠨ ᠳᠠᠷᠤᠭ᠎ᠠ ᠡᠷᠳᠡᠨᠢᠴᠣᠭᠲᠤ ᠢᠢᠨ ᠰᠣᠳᠤᠨᠲᠣᠭᠤᠰ᠂ ᠲᠦᠷᠻᠮᠧᠨᠢᠰᠲ᠋ᠠᠨ ᠤᠯᠤᠰ ᠤᠨ ᠮᠡᠳᠡᠭᠡᠯᠡᠯ ᠦᠨ ᠠᠭᠧᠨ᠋ᠲ᠋ᠯᠢᠭ ᠤᠨ ᠵᠠᠬᠢᠷᠤᠯ ᠮᠧᠷᠳᠠᠨ ᠭᠠᠽᠠᠻᠪᠠᠶᠧᠸ ᠨᠠᠷ ᠭᠠᠷ ᠤᠨ ᠦᠰᠦᠭ ᠵᠢᠷᠤᠯ᠎ᠠ᠃

ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠵᠦ᠂ ᠤᠯᠤᠰ ᠲᠥᠷᠦ᠂ ᠨᠡᠢᠢᠭᠡᠮ᠂ ᠡᠳ᠋ ᠦᠨ ᠵᠠᠰᠠᠭ᠂ ᠪᠢᠽᠢᠨᠧᠰ᠂ ᠠᠶᠠᠯᠠᠯ ᠵᠢᠭᠤᠯᠴᠢᠯᠠᠯ᠂ ᠲᠡᠦᠬᠡ᠂ ᠰᠣᠶᠤᠯ᠂ ᠤᠷᠠᠯᠢᠭ ᠵᠡᠷᠭᠡ ᠰᠠᠯᠪᠤᠷᠢ ᠢᠢᠨ ᠮᠡᠳᠡᠭᠡ᠂ ᠮᠡᠳᠡᠭᠡᠯᠡᠯ ᠢ ᠬᠠᠷᠢᠯᠴᠠᠨ ᠰᠣᠯᠢᠯᠴᠠᠬᠤ᠂ ᠨᠡᠢᠢᠲᠡᠯᠡᠯ ᠮᠡᠳᠡᠭᠡᠯᠡᠯ ᠢ ᠥᠪᠡᠷᠰᠡᠳ ᠦᠨ ᠰᠤᠪᠠᠭ ᠢᠶᠠᠷ ᠲᠦᠭᠡᠭᠡᠬᠦ ᠪᠣᠯᠤᠮᠵᠢ ᠪᠦᠷᠢᠳᠦᠯ᠎ᠡ᠃ ᠮᠥᠨ ᠰᠡᠳᠬᠦᠯᠴᠢ᠂ ᠮᠡᠷᠭᠡᠵᠢᠯᠲᠡᠨ ᠨᠦᠭᠦᠳ ᠢᠶᠡᠨ ᠰᠣᠯᠢᠯᠴᠠᠬᠤ᠂ ᠲᠤᠷᠰᠢᠯᠭ᠎ᠠ ᠰᠤᠳᠤᠯᠬᠤ᠂ ᠰᠤᠷᠭᠠᠯᠲᠠ ᠵᠣᠬᠢᠶᠠᠨ ᠪᠠᠢᠢᠭᠤᠯᠬᠤ ᠵᠡᠷᠭᠡ ᠬᠥᠲᠦᠯᠪᠦᠷᠢ ᠬᠡᠷᠡᠭᠵᠢᠭᠦᠯᠦᠨ᠎ᠡ᠃