Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ᠂ ᠲᠦᠷᠻᠮᠧᠨᠢᠰᠲ᠋ᠠᠨ ᠤᠯᠤᠰ ᠬᠠᠮᠲᠤ ᠢᠢᠨ ᠠᠵᠢᠯᠯᠠᠭ᠎ᠠ ᠪᠠᠨ ᠬᠥᠭ᠍ᠵᠢᠭᠦᠯᠬᠦ ᠲᠤᠬᠠᠶ ᠬᠠᠮᠲᠤᠷᠠᠭᠰᠠᠨ ᠮᠡᠳᠡᠭᠳᠡᠯ ᠭᠠᠷᠭᠠᠯ᠎ᠠ

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠰᠧᠷᠳᠠᠷ ᠪᠧᠷᠳᠢᠮᠦ᠋ᠾᠠᠮᠧᠳᠣᠸ ᠤᠨ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠬᠣᠶᠠᠷ ᠣᠷᠤᠨ ᠤ ᠲᠥᠷᠦ ᠢᠢᠨ ᠲᠡᠷᠢᠭᠦᠨ ᠠᠯᠪᠠᠨ ᠶᠣᠰᠤᠨ ᠤ ᠬᠡᠯᠡᠯᠴᠡᠭᠡᠨ ᠦ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠮᠡᠳᠡᠭᠡᠯᠡᠯ ᠥᠭ᠍ᠭᠦᠯ᠎ᠡ᠃

ᠵᠢᠯ ᠬᠦᠷᠬᠦ ᠦᠭᠡᠢ ᠬᠤᠭᠤᠴᠠᠭᠠᠨ ᠳᠤ ᠬᠠᠷᠢᠯᠴᠠᠨ ᠲᠥᠷᠦ ᠢᠢᠨ ᠠᠢᠢᠯᠴᠢᠯᠠᠯ ᠬᠢᠵᠦ ᠪᠤᠢ ᠨᠢ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠪᠠᠢᠢᠭ᠎ᠠ ᠢᠢᠨ ᠲᠣᠳᠤ ᠢᠯᠡᠷᠡᠯ ᠭᠡᠳᠡᠭ ᠢ ᠲᠥᠷᠦ ᠢᠢᠨ ᠲᠡᠷᠢᠭᠦᠨ ᠨᠠᠷ ᠣᠨᠴᠠᠯᠠᠨ ᠲᠡᠮᠳᠡᠭᠯᠡᠯ᠎ᠡ᠃

ᠬᠣᠶᠠᠷ ᠤᠯᠤᠰ ᠤᠨ ᠶᠡᠷᠦᠩᠬᠡᠢᠢᠯᠡᠭᠴᠢ ᠢᠢᠨ ᠬᠡᠯᠡᠭᠰᠡᠨ ᠦᠭᠡ ᠢᠢ ᠬᠦᠷᠭᠡᠵᠤ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠡ᠊ᠨᠳᠡ ᠬᠦᠷᠦᠯᠴᠡᠨ ᠢᠷᠡᠭᠰᠡᠨ ᠬᠡᠪᠯᠡᠯ ᠦᠨ ᠲᠥᠯᠦᠭᠡᠯᠡᠭᠴᠢᠳ ᠡ᠂

ᠲᠠ ᠪᠦᠬᠦᠨ ᠳᠥ ᠡᠨᠡ ᠡᠳᠦᠷ ᠦᠨ ᠮᠡᠨᠳᠦ ᠢᠢ ᠬᠦᠷᠭᠡᠶ ᠡ᠃

ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ᠂ ᠡᠷᠬᠢᠮ ᠬᠦᠨᠳᠦᠲᠦ ᠰᠧᠷᠳᠠᠷ ᠪᠧᠷᠳᠢᠮᠦ᠋ᠾᠠᠮᠧᠳᠣᠸ ᠲᠠ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠪᠠᠷ ᠥᠨᠢ ᠡᠷᠲᠡᠨ ᠦ ᠲᠡᠦᠬᠡᠲᠦ᠂ ᠮᠥᠩᠬᠡ ᠬᠥᠬᠡ ᠲᠩᠷᠢ ᠢᠢᠨ ᠣᠷᠤᠨ ᠮᠠᠨ ᠤ ᠰᠠᠢᠢᠬᠠᠨ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠭ᠎ᠠ ᠳᠤ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠶ ᠡ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ 2024 ᠣᠨ ᠤ 10 ᠳ᠋ᠤᠭᠠᠷ ᠰᠠᠷ᠎ᠠ ᠳᠤ ᠠᠽᠢ-ᠧᠦ᠋ᠷᠣᠫᠠ ᠢᠢ ᠬᠤᠯᠪᠤᠭᠰᠠᠨ «ᠲᠣᠷᠭᠠᠨ ᠤ ᠵᠠᠮ» ᠤᠨ ᠵᠠᠩ᠋ᠭᠢᠯᠠᠭ᠎ᠠ᠂ ᠲᠥᠪ ᠠᠽᠢ ᠢᠢᠨ ᠴᠠᠭᠠᠨ ᠳᠠᠭᠢᠨᠢ ᠪᠣᠯᠤᠭᠰᠠᠨ ᠲᠠᠨ ᠤ ᠰᠠᠢᠢᠬᠠᠨ ᠣᠷᠤᠨ ᠳᠤ ᠡᠷᠬᠢᠮ ᠶᠡᠷᠦᠩᠬᠡᠢᠢᠯᠡᠭᠴᠢ ᠲᠠᠨ ᠤ ᠤᠷᠢᠯᠭ᠎ᠠ ᠪᠠᠷ ᠲᠥᠷᠦ ᠢᠢᠨ ᠠᠩᠬᠠᠨ ᠤ ᠠᠢᠢᠯᠴᠢᠯᠠᠯ ᠬᠢᠭ᠍ᠰᠡᠨ ᠢᠢᠡᠨ ᠡᠷᠭᠢᠨ ᠳᠤᠷᠠᠰᠬᠤ ᠳᠤ ᠲᠠᠭ᠎ᠠ ᠲᠠᠢ ᠪᠠᠢᠢᠨ᠎ᠠ᠃

ᠡᠨᠡ ᠠᠢᠢᠯᠴᠢᠯᠠᠯ ᠨᠢ ᠮᠠᠨ ᠤ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ 30 ᠭᠠᠷᠤᠶ ᠵᠢᠯ ᠦᠨ ᠬᠤᠭᠤᠴᠠᠭᠠᠨ ᠳᠤ ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠮᠣᠩ᠋ᠭᠤᠯ ᠤᠯᠤᠰ ᠲᠤ ᠬᠢᠵᠦ ᠪᠤᠢ ᠲᠥᠷᠦ ᠢᠢᠨ ᠠᠩᠬᠠᠨ ᠤ ᠠᠢᠢᠯᠴᠢᠯᠠᠯ ᠪᠥᠭᠡᠳ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠡᠦᠬᠡᠨ ᠳᠥ ᠨᠢᠭᠡᠨ ᠰᠢᠨ᠎ᠡ ᠬᠠᠭᠤᠳᠠᠰᠤ ᠢᠢ ᠨᠡᠭᠡᠭᠡᠭ᠍ᠰᠡᠨ᠂ ᠣᠨᠴᠤᠭᠤᠶ ᠠᠴᠢ ᠬᠣᠯᠪᠤᠭᠳᠠᠯ ᠲᠠᠢ ᠲᠡᠦᠬᠡᠨ ᠠᠢᠢᠯᠴᠢᠯᠠᠯ ᠪᠣᠯᠵᠤ ᠪᠠᠢᠢᠭ᠎ᠠ ᠢᠢ ᠣᠨᠴᠠᠯᠠᠨ ᠲᠡᠮᠳᠡᠭᠯᠡᠵᠦ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠲᠥᠷᠦ ᠢᠢᠨ ᠠᠢᠢᠯᠴᠢᠯᠠᠯ ᠢᠶᠠᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ 2024 ᠣᠨ ᠳᠤ ᠲᠦᠷᠻᠮᠧᠨᠢᠰᠲ᠋ᠠᠨ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠦᠶ᠎ᠡ ᠪᠡᠷ ᠪᠠᠢᠢᠭᠤᠯᠤᠭᠰᠠᠨ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠦᠨ ᠪᠡᠶᠡᠯᠡᠯᠲᠡ᠂ ᠦᠷ᠎ᠡ ᠳ᠋ᠦᠩ ᠢ ᠳ᠋ᠦᠩᠨᠡᠨ ᠬᠡᠯᠡᠯᠴᠡᠵᠦ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠪᠦᠷᠢ ᠥᠷᠭᠡᠵᠢᠭᠦᠯᠦᠨ ᠬᠥᠭ᠍ᠵᠢᠭᠦᠯᠬᠦ ᠲᠠᠯ᠎ᠠ ᠪᠠᠷ ᠳᠡᠯᠭᠡᠷᠡᠩ᠋ᠭᠦᠶ ᠶᠠᠷᠢᠯᠴᠠᠯ᠎ᠠ᠃

ᠪᠢᠳᠡᠨ ᠦ ᠶᠠᠷᠢᠶ᠎ᠠ ᠬᠡᠯᠡᠯᠴᠡᠭᠡᠨ ᠦ ᠦᠷ᠎ᠡ ᠳ᠋ᠦᠩ ᠳᠥ «ᠮᠣᠩ᠋ᠭᠤᠯ᠂ ᠲᠦᠷᠻᠮᠧᠨᠢᠰᠲ᠋ᠠᠨ ᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠲᠤᠬᠠᠶ ᠬᠠᠮᠲᠤᠷᠠᠭᠰᠠᠨ ᠮᠡᠳᠡᠭᠳᠡᠯ» ᠭᠠᠷᠭᠠᠯ᠎ᠠ᠃

ᠡᠨᠡᠬᠦ ᠪᠠᠷᠢᠮᠲᠠ ᠪᠢᠴᠢᠭ᠌ ᠨᠢ ᠬᠣᠶᠠᠷ ᠤᠯᠤᠰ ᠤᠨ ᠬᠠᠮᠲᠤ ᠢᠢᠨ ᠠᠵᠢᠯᠯᠠᠭᠠᠨ ᠤ ᠴᠢᠨᠠᠭᠰᠢᠳᠠ ᠢᠢᠨ ᠴᠢᠭᠯᠡᠯ᠂ ᠵᠠᠮ ᠤᠨ ᠵᠢᠷᠤᠭᠯᠠᠯ ᠢ ᠲᠣᠳᠤᠷᠬᠠᠢᠢᠯᠠᠵᠤ᠂ ᠬᠣᠶᠠᠷ ᠣᠷᠤᠨ ᠤ ᠬᠠᠷᠢᠯᠴᠠᠭ᠎ᠠ ᠢᠢ ᠪᠦᠬᠦᠢ ᠯᠠ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ 2024 ᠣᠨ ᠳᠤ ᠲᠦᠷᠻᠮᠧᠨᠢᠰᠲ᠋ᠠᠨ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠦᠶ᠎ᠡ ᠪᠡᠷ «ᠠᠭᠠᠷ ᠤᠨ ᠪᠣᠯᠤᠨ ᠣᠯᠠᠨ ᠤᠯᠤᠰ ᠤᠨ ᠠᠦ᠋ᠲ᠋ᠣ᠋ ᠲᠡᠭᠡᠭᠡᠪᠦᠷᠢ ᠢᠢᠨ ᠬᠠᠷᠢᠯᠴᠠᠭᠠᠨ ᠤ ᠲᠤᠬᠠᠶ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ»᠂ «ᠮᠠᠯ ᠠᠵᠤ ᠠᠬᠤᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠶᠠᠮᠤ ᠬᠣᠭᠤᠷᠤᠨᠳᠤ ᠢᠢᠨ ᠬᠡᠯᠡᠯᠴᠡᠭᠡᠷ» ᠪᠣᠯᠤᠨ ᠲᠡᠭᠡᠭᠡᠪᠦᠷᠢ᠂ ᠯᠣᠭᠢᠰᠲ᠋ᠢᠭ᠂ ᠠᠶᠠᠯᠠᠯ ᠵᠢᠭᠤᠯᠴᠢᠯᠠᠯ᠂ ᠬᠥᠳᠡᠭᠡ ᠠᠵᠤ ᠠᠬᠤᠶ᠂ ᠮᠠᠯ ᠡᠮᠨᠡᠯᠭᠡ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠦᠨᠳᠦᠰᠦ ᠰᠠᠭᠤᠷᠢ ᠪᠣᠯᠤᠭᠰᠠᠨ ᠪᠤᠰᠤᠳ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠭᠰᠠᠨ᠃

ᠲᠡᠭᠡᠪᠡᠯ ᠡᠷᠬᠢᠮ ᠶᠡᠷᠦᠩᠬᠡᠢᠢᠯᠡᠭᠴᠢ ᠲᠠᠨ ᠤ ᠲᠥᠷᠦ ᠢᠢᠨ ᠠᠢᠢᠯᠴᠢᠯᠠᠯ ᠢᠶᠠᠷ ᠬᠠᠷᠢᠯᠴᠠᠭ᠎ᠠ ᠢᠢ ᠬᠤᠳᠠᠯᠳᠤᠭ᠎ᠠ᠂ ᠡᠳ᠋ ᠦᠨ ᠵᠠᠰᠠᠭ᠂ ᠭᠠᠢᠢᠯᠢ᠂ ᠬᠥᠩ᠋ᠭᠡᠨ ᠦᠢᠯᠡᠳᠪᠦᠷᠢ᠂ ᠰᠢᠨᠵᠢᠯᠡᠬᠦ ᠤᠬᠠᠭᠠᠨ᠂ ᠰᠣᠶᠤᠯ᠂ ᠪᠣᠯᠪᠠᠰᠤᠷᠠᠯ᠂ ᠬᠡᠪᠯᠡᠯ ᠮᠡᠳᠡᠭᠡᠯᠡᠯ᠂ ᠡᠷᠡᠭᠦᠯ ᠮᠡᠨᠳᠦ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠪᠠᠷ ᠪᠠᠶᠠᠵᠢᠭᠤᠯᠤᠨ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ 14 ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠯ᠎ᠠ᠃

ᠲᠤᠬᠠᠢᠢᠯᠠᠪᠠᠯ᠂ «ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠬᠠᠮᠲᠤᠷᠠᠭᠰᠠᠨ ᠻᠣᠮᠢᠰᠰ ᠪᠠᠢᠢᠭᠤᠯᠬᠤ ᠲᠤᠬᠠᠶ ᠬᠡᠯᠡᠯᠴᠡᠭᠡᠷ»᠂ «ᠡᠳ᠋ ᠦᠨ ᠵᠠᠰᠠᠭ ᠤᠨ ᠬᠠᠮᠲᠤ ᠢᠢᠨ ᠠᠵᠢᠯᠯᠠᠭᠠᠨ ᠤ ᠲᠤᠬᠠᠶ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠪᠣᠯᠤᠨ «ᠬᠤᠳᠠᠯᠳᠤᠭ᠎ᠠ᠂ ᠡᠳ᠋ ᠦᠨ ᠵᠠᠰᠠᠭ᠂ ᠬᠥᠷᠦᠩ᠋ᠭᠡ ᠣᠷᠤᠭᠤᠯᠤᠯᠲᠠ ᠢᠢᠨ ᠰᠠᠯᠪᠤᠷᠢ ᠳᠤ 2026-2028 ᠣᠨ ᠳᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠲᠤᠬᠠᠶ ᠵᠠᠰᠠᠭ ᠤᠨ ᠭᠠᠵᠠᠷ ᠬᠣᠭᠤᠷᠤᠨᠳᠤ ᠢᠢᠨ ᠳᠤᠮᠳᠠ ᠬᠤᠭᠤᠴᠠᠭᠠᠨ ᠤ ᠬᠥᠲᠦᠯᠪᠦᠷᠢ» ᠢᠢ ᠲᠤᠰ ᠲᠤᠰ ᠪᠠᠢᠢᠭᠤᠯᠤᠭᠰᠠᠨ ᠢ ᠣᠨᠴᠠᠯᠠᠨ ᠲᠡᠮᠳᠡᠭᠯᠡᠶ ᠡ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠮᠣᠩ᠋ᠭᠤᠯ᠂ ᠲᠦᠷᠻᠮᠧᠨᠢᠰᠲ᠋ᠠᠨ ᠤ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠦᠢᠯᠡᠰ ᠲᠥ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠣᠷᠤᠭᠤᠯᠵᠤ ᠪᠤᠢ ᠬᠤᠪᠢ ᠨᠡᠮᠡᠷᠢ᠂ ᠬᠢᠴᠢᠶᠡᠯ ᠵᠢᠳᠬᠦᠯ ᠢ ᠣᠨᠴᠠᠯᠠᠨ ᠲᠡᠮᠳᠡᠭᠯᠡᠵᠦ᠂ ᠭᠦᠨ ᠲᠠᠯᠠᠷᠬᠠᠯ ᠢᠯᠡᠷᠬᠡᠢᠢᠯᠡᠶ ᠡ᠃

ᠲᠠ ᠪᠢᠳᠡ 2024 ᠣᠨ ᠳᠤ ᠠᠱᠬᠠᠪᠠᠳ᠋ ᠬᠣᠲᠠᠨ᠎ᠠ ᠮᠠᠨ ᠤ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠲᠡᠷᠢᠭᠦᠯᠡᠬᠦ ᠴᠢᠭᠯᠡᠯ ᠦᠳ ᠢᠶᠡᠨ ᠲᠣᠳᠤᠷᠬᠠᠢᠢᠯᠠᠭᠰᠠᠨ ᠨᠢ ᠪᠣᠭᠤᠨᠢ ᠬᠤᠭᠤᠴᠠᠭᠠᠨ ᠳᠤ ᠪᠡᠶᠡᠯᠡᠯ ᠢᠶᠡᠨ ᠣᠯᠵᠤ᠂ ᠡᠬᠢᠨ ᠡᠴᠡ ᠪᠡᠨ ᠪᠣᠳᠠᠲᠤ ᠠᠵᠢᠯ ᠬᠡᠷᠡᠭ ᠪᠣᠯᠵᠤ ᠪᠠᠢᠢᠭ᠎ᠠ ᠢᠢ ᠣᠨᠴᠠᠯᠠᠨ ᠲᠡᠮᠳᠡᠭᠯᠡᠬᠦ ᠳᠥ ᠲᠠᠭ᠎ᠠ ᠲᠠᠢ ᠪᠠᠢᠢᠨ᠎ᠠ᠃

ᠲᠤᠬᠠᠢᠢᠯᠠᠪᠠᠯ᠂ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠴᠢᠬᠤᠯᠠ ᠠᠴᠢ ᠬᠣᠯᠪᠤᠭᠳᠠᠯ ᠪᠦᠬᠦᠢ ᠬᠠᠮᠲᠤ ᠢᠢᠨ ᠠᠵᠢᠯᠯᠠᠭᠠᠨ ᠤ ᠮᠧᠬᠠᠨᠢᠰᠮ ᠪᠤᠢ ᠪᠣᠯᠭᠠᠬᠤ ᠪᠠᠷ ᠲᠣᠬᠢᠷᠠᠭᠰᠠᠨ ᠤ ᠳᠠᠭᠠᠭᠤ «ᠮᠣᠩ᠋ᠭᠤᠯ-ᠲᠦᠷᠻᠮᠧᠨᠢᠰᠲ᠋ᠠᠨ ᠤ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ» ᠪᠠᠢᠢᠭᠤᠯᠤᠭᠰᠠᠨ᠃

ᠲᠡᠭᠦᠨᠴᠢᠯᠡᠨ «ᠠᠦ᠋ᠲ᠋ᠣ᠋ ᠲᠡᠭᠡᠭᠡᠪᠦᠷᠢ ᠢᠢᠨ ᠬᠠᠮᠲᠤᠷᠠᠭᠰᠠᠨ ᠬᠣᠷᠢᠶ᠎ᠠ»᠂ «ᠬᠥᠳᠡᠭᠡ ᠠᠵᠤ ᠠᠬᠤᠶ ᠢᠢᠨ ᠬᠠᠮᠲᠤᠷᠠᠭᠰᠠᠨ ᠬᠣᠷᠢᠶ᠎ᠠ» ᠪᠣᠯᠤᠨ «ᠮᠠᠯ ᠡᠮᠨᠡᠯᠭᠡ᠂ ᠮᠠᠯ ᠠᠵᠤ ᠠᠬᠤᠶ ᠢᠢᠨ ᠬᠠᠮᠲᠤᠷᠠᠭᠰᠠᠨ ᠬᠣᠷᠢᠶ᠎ᠠ» ᠢᠢ ᠲᠤᠰ ᠲᠤᠰ ᠪᠠᠢᠢᠭᠤᠯᠤᠭᠰᠠᠨ ᠨᠢ ᠡᠳᠡᠭᠡᠷ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠴᠢᠬᠤᠯᠠ ᠠᠴᠢ ᠬᠣᠯᠪᠤᠭᠳᠠᠯ ᠲᠠᠢ ᠪᠣᠯᠤᠭᠰᠠᠨ ᠭᠡᠵᠦ ᠦᠵᠡᠵᠦ ᠪᠠᠢᠢᠨ᠎ᠠ᠃

ᠲᠡᠭᠡᠪᠡᠯ ᠡᠨᠡᠬᠦ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠬᠥᠩ᠋ᠭᠡᠨ ᠦᠢᠯᠡᠳᠪᠦᠷᠢᠯᠡᠯ ᠦᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠭᠰᠠᠨ ᠨᠢ ᠬᠦᠨᠡᠰᠦ᠂ ᠬᠥᠳᠡᠭᠡ ᠠᠵᠤ ᠠᠬᠤᠶ᠂ ᠬᠥᠩ᠋ᠭᠡᠨ ᠦᠢᠯᠡᠳᠪᠦᠷᠢ ᠪᠣᠯᠤᠨ ᠵᠢᠵᠢᠭ᠂ ᠳᠤᠮᠳᠠ ᠦᠢᠯᠡᠳᠪᠦᠷᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠬᠢᠭᠦᠯᠦᠨ ᠳᠡᠮᠵᠢᠬᠦ᠂ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠦᠨᠳᠦᠰᠦ ᠰᠠᠭᠤᠷᠢ ᠪᠣᠯᠤᠯ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ «ᠴᠠᠭᠠᠨ ᠠᠯᠲᠠ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠮᠣᠩ᠋ᠭᠤᠯ ᠤᠨ ᠨᠣᠣᠰᠤ᠂ ᠨᠣᠯᠤᠤᠷ ᠢ ᠲᠦᠷᠻᠮᠧᠨᠢᠰᠲ᠋ᠠᠨ ᠤ ᠬᠥᠪᠦᠩ᠂ ᠨᠡᠬᠡᠮᠡᠯ ᠤᠲᠠᠰᠤᠨ ᠤ ᠦᠢᠯᠡᠳᠪᠦᠷᠢᠯᠡᠯ ᠲᠡᠢ ᠤᠶᠠᠯᠳᠤᠭᠤᠯᠤᠨ ᠰᠦᠯᠵᠢᠮᠡᠯ᠂ ᠨᠡᠬᠡᠮᠡᠯ ᠪᠦᠲᠦᠭᠡᠭ᠍ᠳᠡᠬᠦᠨ ᠦᠢᠯᠡᠳᠪᠦᠷᠢᠯᠡᠬᠦ᠂ ᠮᠠᠨ ᠤ ᠬᠣᠶᠠᠷ ᠤᠯᠤᠰ ᠤᠨ ᠬᠠᠷᠢᠯᠴᠠᠭᠠᠨ ᠤ ᠪᠡᠯᠭᠡ ᠲᠡᠮᠳᠡᠭ ᠪᠣᠯᠬᠤ ᠲᠥᠰᠦᠯ᠂ ᠬᠥᠲᠦᠯᠪᠦᠷᠢ ᠢᠢ ᠬᠠᠮᠲᠤᠷᠠᠨ ᠬᠡᠷᠡᠭᠵᠢᠭᠦᠯᠬᠦ ᠪᠡᠷ ᠰᠠᠨᠠᠯ ᠨᠢᠭᠡᠳᠦᠯ᠎ᠡ᠃

ᠡᠨᠡ ᠨᠢ ᠮᠠᠨ ᠤ ᠬᠣᠶᠠᠷ ᠤᠯᠤᠰ ᠤᠨ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ᠂ ᠡᠻᠰᠫᠣᠷᠲ᠂ ᠢᠮᠫᠣᠷᠲ ᠤᠨ ᠪᠠᠷᠠᠭ᠎ᠠ ᠪᠦᠲᠦᠭᠡᠭ᠍ᠳᠡᠬᠦᠨ ᠦ ᠨᠡᠷ᠎ᠡ ᠲᠥᠷᠦᠯ ᠢ ᠣᠯᠠᠰᠢᠷᠠᠭᠤᠯᠬᠤ ᠳᠤ ᠴᠢᠬᠤᠯᠠ ᠠᠴᠢ ᠬᠣᠯᠪᠤᠭᠳᠠᠯ ᠲᠠᠢ ᠭᠡᠵᠦ ᠦᠵᠡᠵᠦ ᠪᠠᠢᠢᠨ᠎ᠠ᠃

ᠮᠥᠨ ᠠᠢᠢᠯᠴᠢᠯᠠᠯ ᠤᠨ ᠬᠦᠷᠢᠶᠡᠨ ᠳᠥ «ᠮᠣᠩ᠋ᠭᠤᠯ-ᠲᠦᠷᠻᠮᠧᠨᠢᠰᠲ᠋ᠠᠨ ᠤ ᠪᠢᠽᠢᠨᠧᠰ ᠹᠣᠷᠦᠢᠮ» ᠪᠣᠯᠤᠨ ᠲᠦᠷᠻᠮᠧᠨᠢᠰᠲ᠋ᠠᠨ ᠤ ᠬᠡᠪᠢᠰ᠂ ᠭᠠᠷ ᠤᠷᠠᠯᠠᠯ ᠤᠨ ᠦᠵᠡᠰᠬᠦᠯᠡᠩ᠂ ᠬᠤᠳᠠᠯᠳᠤᠭ᠎ᠠ ᠵᠣᠬᠢᠶᠠᠨ ᠪᠠᠢᠢᠭᠤᠯᠵᠤ᠂ ᠬᠣᠶᠠᠷ ᠣᠷᠤᠨ ᠤ ᠪᠢᠽᠢᠨᠧᠰ ᠡᠷᠬᠢᠯᠡᠭᠴᠢ᠂ ᠪᠠᠶᠠᠯᠢᠭ ᠪᠦᠲᠦᠭᠡᠭ᠍ᠴᠢᠳ ᠦᠨ ᠬᠡᠯᠬᠢᠶ᠎ᠡ ᠬᠣᠯᠪᠤᠭ᠎ᠠ ᠢᠢ ᠤᠯᠠᠮ ᠪᠦᠷᠢ ᠪᠡᠬᠢᠵᠢᠭᠦᠯᠬᠦ᠂ ᠤᠯᠤᠰ ᠣᠷᠤᠨ ᠢᠶᠠᠨ ᠬᠠᠷᠢᠯᠴᠠᠨ ᠰᠤᠷᠲᠠᠯᠴᠢᠯᠠᠨ ᠲᠠᠨᠢᠭᠤᠯᠬᠤ᠂ ᠢᠷᠭᠡᠳ ᠦᠨ ᠰᠣᠯᠢᠯᠴᠠᠭ᠎ᠠ ᠢᠢ ᠨᠡᠮᠡᠭᠳᠡᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠵᠤ ᠪᠠᠢᠢᠨ᠎ᠠ᠃

«ᠮᠣᠩ᠋ᠭᠤᠯ-ᠲᠦᠷᠻᠮᠧᠨᠢᠰᠲ᠋ᠠᠨ ᠤ ᠰᠣᠶᠤᠯ ᠤᠨ ᠬᠠᠮᠲᠤᠷᠠᠭᠰᠠᠨ ᠲᠣᠭᠯᠠᠯᠲᠠ» ᠢᠢ ᠬᠣᠶᠠᠷ ᠤᠯᠤᠰ ᠤᠨ ᠲᠥᠷᠦ ᠢᠢᠨ ᠲᠡᠷᠢᠭᠦᠨ ᠦ ᠢᠪᠡᠭᠡᠯ ᠳᠣᠣᠷ᠎ᠠ ᠤᠯᠠᠭᠠᠨᠪᠠᠭᠠᠲᠤᠷ ᠬᠣᠲᠠᠨ᠎ᠠ ᠠᠩᠬ᠎ᠠ ᠤᠳᠠᠭ᠎ᠠ ᠵᠣᠬᠢᠶᠠᠨ ᠪᠠᠢᠢᠭᠤᠯᠵᠤ᠂ ᠲᠦᠷᠻᠮᠧᠨᠢᠰᠲ᠋ᠠᠨ ᠤ ᠠᠪᠢᠶᠠᠰᠯᠢᠭ ᠤᠷᠠᠨ ᠪᠦᠲᠦᠭᠡᠯᠴᠢᠳ ᠥᠪᠡᠷ ᠦᠨ ᠣᠷᠤᠨ ᠤ ᠰᠣᠶᠤᠯ᠂ ᠤᠷᠠᠯᠢᠭ ᠢᠶᠠᠷ ᠮᠣᠩ᠋ᠭᠤᠯ ᠠᠨᠳᠠ ᠨᠥᠬᠦᠳ ᠦᠨ ᠢᠶᠡᠨ ᠰᠣᠨᠤᠷ ᠢ ᠮᠢᠯᠢᠶᠠᠨ᠂ ᠰᠡᠳᠬᠢᠯ ᠳᠥ ᠬᠣᠨᠤᠭᠰᠢᠬᠤ ᠰᠠᠢᠢᠬᠠᠨ ᠳᠤᠷᠠᠰᠤᠮᠵᠢ ᠢᠢ ᠬᠠᠮᠲᠤ ᠳᠤ ᠪᠠᠨ ᠪᠦᠲᠦᠭᠡᠵᠤ ᠪᠠᠢᠢᠭ᠎ᠠ ᠳᠤ ᠲᠠᠯᠠᠷᠬᠠᠯ ᠢᠯᠡᠷᠬᠡᠢᠢᠯᠡᠶ ᠡ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠ ᠪᠢᠳᠡ ᠪᠣᠯᠪᠠᠰᠤᠷᠠᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠮᠣᠩ᠋ᠭᠤᠯ᠂ ᠲᠦᠷᠻᠮᠧᠨᠢᠰᠲ᠋ᠠᠨ ᠤ ᠬᠠᠷᠢᠯᠴᠠᠭᠠᠨ ᠤ ᠲᠡᠷᠢᠭᠦᠯᠡᠬᠦ ᠴᠢᠭᠯᠡᠯ ᠦᠨ ᠨᠢᠭᠡ ᠪᠣᠯᠭᠠᠨ ᠬᠥᠭ᠍ᠵᠢᠭᠦᠯᠬᠦ ᠪᠡᠷ ᠲᠣᠬᠢᠷᠠᠭᠰᠠᠨ ᠤ ᠳᠠᠭᠠᠭᠤ ᠪᠣᠯᠪᠠᠰᠤᠷᠠᠯ᠂ ᠰᠢᠨᠵᠢᠯᠡᠬᠦ ᠤᠬᠠᠭᠠᠨ ᠤ ᠰᠠᠯᠪᠤᠷᠢ ᠢᠢᠨ ᠴᠢᠨᠠᠭᠰᠢᠳᠠ ᠢᠢᠨ ᠨᠢᠭ᠌ᠲᠠ ᠬᠠᠮᠲᠤ ᠢᠢᠨ ᠠᠵᠢᠯᠯᠠᠭᠠᠨ ᠤ ᠦᠨᠳᠦᠰᠦ ᠰᠠᠭᠤᠷᠢ ᠪᠣᠯᠬᠤ ᠪᠠᠷᠢᠮᠲᠠ ᠪᠢᠴᠢᠭ᠌ ᠦᠳ ᠪᠠᠢᠢᠭᠤᠯᠤᠯ᠎ᠠ᠃

ᠣᠶᠤᠲᠠᠨ ᠵᠠᠯᠠᠭᠤᠰ ᠢ ᠬᠣᠶᠠᠷ ᠤᠯᠤᠰ ᠤᠨ ᠵᠠᠰᠠᠭ ᠤᠨ ᠭᠠᠵᠠᠷ ᠤᠨ ᠲᠡᠳᠬᠦᠯᠭᠡ ᠳᠥ ᠬᠥᠲᠦᠯᠪᠦᠷᠢ ᠳᠥ ᠬᠠᠷᠢᠯᠴᠠᠨ ᠬᠠᠮᠤᠷᠤᠭᠤᠯᠤᠭᠰᠠᠨ ᠢᠶᠠᠷ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠭᠦᠭᠦᠷᠭᠡ ᠪᠣᠯᠬᠤ ᠪᠣᠯᠪᠠᠰᠤᠨ ᠬᠦᠴᠦᠨ ᠢ ᠪᠡᠯᠡᠳᠬᠡᠬᠦ ᠳᠤ ᠦᠨ᠎ᠡ ᠲᠡᠢ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠬᠣᠲᠠ ᠨᠤᠭᠤᠳ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠡᠷ ᠰᠠᠨᠠᠯ ᠨᠢᠭᠡᠳᠦᠭᠰᠡᠨ ᠦ ᠳᠠᠭᠠᠭᠤ ᠤᠯᠠᠭᠠᠨᠪᠠᠭᠠᠲᠤᠷ᠂ ᠠᠱᠬᠠᠪᠠᠳ᠋ ᠬᠣᠲᠠ ᠠᠬ᠎ᠠ ᠳᠡᠭᠦᠦ ᠬᠣᠲᠠ ᠢᠢᠨ ᠬᠠᠷᠢᠯᠴᠠᠭ᠎ᠠ ᠲᠣᠭᠲᠠᠭᠠᠭᠰᠠᠨ ᠢ ᠲᠡᠮᠳᠡᠭᠯᠡᠨ ᠬᠡᠯᠡᠬᠦ ᠳᠥ ᠲᠠᠭ᠎ᠠ ᠲᠠᠢ ᠪᠠᠢᠢᠨ᠎ᠠ᠃

ᠮᠥᠨ ᠮᠠᠨ ᠤ ᠬᠣᠶᠠᠷ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠨᠤᠭᠤᠳ ᠤᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠪᠠᠨ ᠤᠯᠠᠮ ᠪᠦᠷᠢ ᠪᠡᠬᠢᠵᠢᠭᠦᠯᠦᠨ ᠬᠥᠭ᠍ᠵᠢᠭᠦᠯᠬᠦ ᠪᠡᠨ ᠬᠠᠷᠢᠯᠴᠠᠨ ᠨᠤᠲᠠᠯᠠᠯ᠎ᠠ᠃

ᠡᠨᠡ ᠳᠠᠰᠢᠷᠠᠮ ᠳᠤ ᠬᠡᠯᠡᠬᠦ ᠳᠥ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠠᠴᠠ ᠲᠦᠷᠻᠮᠧᠨᠢᠰᠲ᠋ᠠᠨ ᠤᠯᠤᠰ ᠤᠨ ᠪᠠᠢᠢᠩ᠋ᠭᠤ ᠢᠢᠨ ᠲᠥᠪ ᠢ ᠰᠠᠬᠢᠬᠤ ᠰᠲ᠋ᠠᠲ᠋ᠦ᠋ᠰ ᠢ ᠬᠦᠯᠢᠶᠡᠨ ᠵᠥᠪᠰᠢᠶᠡᠷᠡᠭᠰᠡᠨ ᠦ 30 ᠵᠢᠯ ᠦᠨ ᠣᠢ ᠡᠨᠡ ᠣᠨ ᠳᠤ ᠲᠣᠬᠢᠶᠠᠵᠤ ᠪᠠᠢᠢᠭ᠎ᠠ ᠪᠥᠭᠡᠳ ᠡᠨᠡᠬᠦ ᠲᠡᠦᠬᠡᠲᠦ ᠣᠢ ᠢᠢᠨ ᠪᠠᠶᠠᠷ ᠤᠨ ᠮᠡᠨᠳᠦ ᠢᠢ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠳᠤ ᠪᠣᠯᠤᠨ ᠲᠠᠨ ᠢᠶᠠᠷ ᠤᠯᠠᠮᠵᠢᠯᠠᠨ ᠲᠦᠷᠻᠮᠧᠨ ᠤ ᠨᠠᠢᠢᠷᠰᠠᠭ ᠠᠷᠠᠳ ᠲᠦᠮᠡᠨ ᠳᠥ ᠬᠦᠷᠭᠡᠶ ᠡ᠃

ᠮᠣᠩ᠋ᠭᠤᠯ ᠤᠯᠤᠰ ᠤᠨ ᠰᠠᠨᠠᠭᠠᠴᠢᠯᠠᠭ᠎ᠠ ᠪᠠᠷ ᠡᠭᠦᠰᠬᠡᠨ ᠪᠠᠢᠢᠭᠤᠯᠤᠭᠰᠠᠨ «ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠪᠠᠢᠢᠭᠤᠯᠬᠤ ᠲᠤᠬᠠᠶ ᠣᠯᠠᠨ ᠲᠠᠯᠠᠳᠤ ᠬᠡᠯᠡᠯᠴᠡᠭᠡᠷ» ᠲ᠋ᠥ ᠲᠦᠷᠻᠮᠧᠨᠢᠰᠲ᠋ᠠᠨ ᠤᠯᠤᠰ ᠨᠢᠭᠡᠳᠦᠨ ᠣᠷᠤᠵᠤ᠂ ᠪᠦᠷᠢᠨ ᠡᠷᠬᠡᠲᠦ ᠭᠡᠰᠢᠭᠦᠨ ᠪᠣᠯᠤᠭᠰᠠᠨ ᠳᠤ ᠲᠠᠯᠠᠷᠬᠠᠯ ᠢᠯᠡᠷᠬᠡᠢᠢᠯᠡᠶ ᠡ᠃

ᠡᠨᠡ ᠪᠠᠢᠢᠭᠤᠯᠤᠯᠭ᠎ᠠ ᠢᠢᠨ ᠬᠦᠷᠢᠶᠡᠨ ᠳᠥ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠲᠤ ᠲᠤᠯᠭᠠᠷᠠᠵᠤ ᠪᠤᠢ ᠰᠠᠭᠠᠳ᠂ ᠪᠡᠷᠬᠡᠰᠢᠶᠡᠯ ᠢ ᠳᠠᠪᠠᠨ ᠲᠤᠭᠤᠯᠬᠤ᠂ ᠬᠥᠭ᠍ᠵ᠍ᠢᠯ ᠦᠨ ᠪᠣᠳᠤᠯᠭ᠎ᠠ ᠪᠣᠯᠪᠠᠰᠤᠷᠠᠭᠤᠯᠬᠤ᠂ ᠡᠳᠡᠭᠡᠷ ᠤᠯᠤᠰ ᠣᠷᠤᠨ ᠨᠤᠭᠤᠳ ᠤᠨ ᠪᠠᠢᠢᠷᠢ ᠰᠠᠭᠤᠷᠢ ᠢᠢ ᠨᠢᠭᠡᠳᠬᠡᠬᠦ᠂ ᠬᠠᠷᠢᠯᠴᠠᠨ ᠲᠤᠷᠰᠢᠯᠭ᠎ᠠ ᠰᠣᠯᠢᠯᠴᠠᠬᠤ ᠬᠠᠮᠲᠤ ᠢᠢᠨ ᠦᠢᠯᠡᠰ ᠲᠥ ᠲᠦᠷᠻᠮᠧᠨᠢᠰᠲ᠋ᠠᠨ ᠤᠯᠤᠰ ᠢᠳᠡᠪᠬᠢᠲᠡᠢ ᠬᠠᠮᠲᠤᠷᠠᠨ ᠠᠵᠢᠯᠯᠠᠨ᠎ᠠ ᠭᠡᠳᠡᠭ ᠲᠥ ᠢᠲᠡᠭᠡᠯ ᠲᠡᠭᠦᠰ ᠪᠠᠢᠢᠨ᠎ᠠ᠃

ᠪᠢᠳᠡᠨ ᠦ ᠶᠠᠷᠢᠶ᠎ᠠ ᠬᠡᠯᠡᠯᠴᠡᠭᠡ᠂ ᠬᠠᠷᠢᠯᠴᠠᠨ ᠲᠣᠬᠢᠷᠠᠯᠴᠠᠭᠰᠠᠨ ᠠᠵᠢᠯ ᠤᠳ ᠬᠣᠶᠠᠷ ᠣᠷᠤᠨ ᠤ ᠬᠥᠭ᠍ᠵᠢᠯ ᠴᠡᠴᠡᠭᠯᠡᠯᠲᠡ᠂ ᠠᠷᠠᠳ ᠲᠦᠮᠡᠨ ᠦ ᠰᠠᠢᠢᠨ ᠰᠠᠢᠢᠬᠠᠨ ᠤ ᠲᠥᠯᠦᠭᠡ ᠪᠡᠶᠡᠯᠡᠯ ᠢᠶᠡᠨ ᠣᠯᠵᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠥᠷᠭᠡᠵᠢᠨ ᠪᠡᠬᠢᠵᠢᠨ᠎ᠡ ᠭᠡᠳᠡᠭ ᠲᠥ ᠢᠲᠡᠭᠡᠯ ᠳᠦᠭᠦᠷᠡᠩ ᠪᠠᠢᠢᠨ᠎ᠠ᠃

ᠮᠠᠨ ᠤ ᠬᠣᠶᠠᠷ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠦᠶ᠎ᠡ ᠢᠢᠨ ᠦᠶ᠎ᠡ ᠳᠥ ᠪᠠᠲᠤᠵᠢᠨ ᠪᠡᠬᠢᠵᠢᠵᠦ᠂ ᠮᠣᠩ᠋ᠭᠤᠯ᠂ ᠲᠦᠷᠻᠮᠧᠨᠢᠰᠲ᠋ᠠᠨ ᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠨᠢ ᠮᠥᠩᠬᠡ ᠳᠥ ᠴᠡᠴᠡᠭᠯᠡᠨ ᠬᠥᠭ᠍ᠵᠢᠬᠦ ᠪᠣᠯᠲᠤᠭᠠᠶ᠃

ᠥᠨᠢ ᠡᠷᠲᠡᠨ ᠦ ᠲᠡᠦᠬᠡᠲᠦ᠂ ᠡᠷᠲᠡᠨ ᠦ ᠨᠡᠭᠦᠳᠡᠯᠴᠢᠳ ᠦᠨ ᠲᠥᠷᠦᠳᠦ ᠶᠣᠰᠤᠨ ᠤ ᠭᠠᠯ ᠭᠣᠯᠤᠮᠲᠠ᠂ ᠮᠥᠩᠬᠡ ᠬᠥᠬᠡ ᠲᠩᠷᠢ ᠢᠢᠨ ᠣᠷᠤᠨ ᠮᠠᠨ ᠤ ᠰᠠᠢᠢᠬᠠᠨ ᠤᠯᠤᠰ ᠲᠤ ᠲᠠᠪᠠ ᠲᠠᠢ ᠮᠣᠷᠢᠯᠠᠬᠤ ᠢᠢ ᠬᠦᠰᠡᠶ ᠡ᠃

ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃

ᠲᠦᠷᠻᠮᠧᠨᠢᠰᠲ᠋ᠠᠨ ᠤᠯᠤᠰ᠂ ᠮᠣᠩ᠋ᠭᠤᠯ ᠤᠯᠤᠰ ᠤᠨ ᠲᠥᠯᠦᠭᠡᠯᠡᠭᠴᠢᠳ ᠬᠣᠭᠤᠷᠤᠨᠳᠤ ᠢᠢᠨ ᠳᠡᠭᠡᠳᠦ ᠬᠡᠮᠵᠢᠶᠡᠨ ᠦ ᠬᠡᠯᠡᠯᠴᠡᠭᠡ ᠥᠨᠳᠦᠷᠯᠡᠯ᠎ᠡ᠃ ᠬᠡᠯᠡᠯᠴᠡᠭᠡ ᠨᠠᠢᠢᠷᠰᠠᠭ᠂ ᠠᠵᠢᠯ ᠬᠡᠷᠡᠭᠴᠢ᠂ ᠬᠠᠷᠢᠯᠴᠠᠨ ᠢᠲᠡᠭᠡᠯᠴᠡᠭᠰᠡᠨ ᠠᠭᠤᠷ ᠠᠮᠢᠰᠬᠤᠯ ᠳᠤ ᠥᠷᠨᠢᠯ᠎ᠡ᠃

ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠪᠦᠬᠦᠢ ᠯᠠ ᠭᠣᠣᠯ ᠴᠢᠭᠯᠡᠯ ᠦᠳ ᠢ ᠬᠡᠯᠡᠯᠴᠡᠵᠦ᠂ ᠣᠯᠠᠨ ᠤᠯᠤᠰ ᠤᠨ ᠤᠯᠤᠰ ᠲᠥᠷᠦ ᠢᠢᠨ ᠴᠠᠭ ᠦᠶ᠎ᠡ ᠢᠢᠨ ᠠᠰᠠᠭᠤᠳᠠᠯ ᠢᠶᠠᠷ ᠰᠠᠨᠠᠯ ᠰᠣᠯᠢᠯᠴᠠᠯ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠪᠢᠳᠡ ᠬᠣᠶᠠᠷ ᠶᠠᠷᠢᠯᠴᠠᠭᠰᠠᠨ ᠪᠦᠬᠦ ᠠᠰᠠᠭᠤᠳᠠᠯ ᠢᠶᠠᠷ ᠬᠠᠷᠢᠯᠴᠠᠨ ᠣᠢᠢᠯᠠᠭᠠᠯᠴᠠᠭᠰᠠᠨ ᠭᠡᠳᠡᠭ ᠢ ᠬᠡᠯᠡᠬᠦ ᠨᠢ ᠵᠦᠢ ᠲᠡᠢ᠃ ᠬᠠᠮᠲᠤ ᠢᠢᠨ ᠠᠵᠢᠯᠯᠠᠭ᠎ᠠ ᠨᠢ ᠲᠠᠯ᠎ᠠ ᠨᠤᠭᠤᠳ ᠲᠤ ᠴᠢᠬᠤᠯᠠ ᠪᠣᠯᠬᠤ ᠢᠢ ᠤᠬᠠᠮᠰᠠᠷᠯᠠᠵᠤ᠂ ᠡᠷᠬᠡ ᠲᠡᠭᠰᠢ᠂ ᠬᠠᠷᠢᠯᠴᠠᠨ ᠬᠦᠨᠳᠦᠳᠬᠡᠬᠦ ᠵᠠᠷᠴᠢᠮ ᠳᠤ ᠲᠤᠯᠭᠠᠭᠤᠷᠢᠯᠠᠨ ᠲᠦᠷᠻᠮᠧᠨ-ᠮᠣᠩ᠋ᠭᠤᠯ ᠤᠨ ᠶᠠᠷᠢᠶ᠎ᠠ ᠬᠡᠯᠡᠯᠴᠡᠭᠡ ᠢᠢ ᠪᠡᠬᠢᠵᠢᠭᠦᠯᠬᠦ ᠬᠠᠷᠢᠯᠴᠠᠨ ᠬᠦᠰᠡᠯ ᠡᠷᠡᠮᠡᠯᠵᠡᠯ ᠢᠶᠡᠨ ᠨᠤᠲᠠᠯᠠᠯ᠎ᠠ᠃

ᠮᠠᠨ ᠤ ᠬᠣᠶᠠᠷ ᠤᠯᠤᠰ ᠭᠠᠳᠠᠭᠠᠳᠤ ᠪᠣᠳᠤᠯᠭ᠎ᠠ ᠢᠢᠨ ᠴᠢᠭᠯᠡᠯ ᠢᠶᠡᠷ ᠳᠡᠯᠡᠬᠡᠶ ᠢᠢᠨ ᠪᠣᠯᠤᠨ ᠪᠦᠰᠡ ᠨᠤᠲᠤᠭ ᠤᠨ ᠡᠩᠬᠡ ᠲᠠᠢᠢᠪᠤᠩ᠂ ᠲᠣᠭᠲᠠᠪᠤᠷᠢ ᠲᠠᠢ ᠪᠠᠢᠢᠳᠠᠯ ᠢ ᠰᠠᠬᠢᠨ ᠬᠠᠮᠠᠭᠠᠯᠠᠬᠤ᠂ ᠪᠡᠬᠢᠵᠢᠭᠦᠯᠬᠦ ᠴᠢᠭᠯᠡᠯ ᠢᠶᠡᠷ ᠴᠢᠨᠠᠭᠰᠢᠳᠠ ᠬᠠᠮᠲᠤᠷᠠᠨ ᠠᠵᠢᠯᠯᠠᠬᠤ ᠪᠣᠯᠤᠨ᠎ᠠ᠃

ᠲᠦᠷᠻᠮᠧᠨᠢᠰᠲ᠋ᠠᠨ ᠤᠯᠤᠰ᠂ ᠮᠣᠩ᠋ᠭᠤᠯ ᠤᠯᠤᠰ ᠨᠢ ᠲᠣᠭᠲᠠᠪᠤᠷᠢ ᠲᠠᠢ ᠬᠥᠭ᠍ᠵᠢᠯ ᠦᠨ ᠵᠣᠷᠢᠯᠲᠠ ᠨᠤᠭᠤᠳ ᠤᠨ ᠬᠡᠷᠡᠭᠵᠢᠯᠲᠡ ᠢᠢ ᠳᠡᠮᠵᠢᠵᠦ᠂ ᠪᠠᠢᠢᠭᠠᠯᠢ ᠣᠷᠴᠢᠨ᠂ ᠬᠦᠨᠡᠰᠦᠨ ᠦ ᠠᠰᠠᠭᠤᠳᠠᠯ᠂ ᠡᠷᠴᠢᠮ ᠬᠦᠴᠦᠨ ᠦ ᠠᠶᠤᠯ ᠦᠭᠡᠢ ᠪᠠᠢᠢᠳᠠᠯ᠂ ᠲᠡᠭᠡᠭᠡᠪᠦᠷᠢ ᠢᠢᠨ ᠬᠣᠯᠪᠤᠯᠲᠠ ᠢᠢᠨ ᠠᠰᠠᠭᠤᠳᠠᠯ ᠢᠶᠠᠷ ᠬᠠᠮᠲᠤᠷᠠᠨ ᠠᠵᠢᠯᠯᠠᠨ᠎ᠠ᠃

ᠮᠣᠩ᠋ᠭᠤᠯ ᠤᠯᠤᠰ ᠨᠢ ᠲᠦᠷᠻᠮᠧᠨᠢᠰᠲ᠋ᠠᠨ ᠤᠯᠤᠰ ᠤᠨ ᠲᠥᠪ ᠢ ᠰᠠᠬᠢᠬᠤ ᠪᠣᠳᠤᠯᠭ᠎ᠠ᠂ ᠳᠡᠯᠡᠬᠡᠶ ᠢᠢᠨ ᠠᠶᠤᠯ ᠦᠭᠡᠢ ᠪᠠᠢᠢᠳᠠᠯ᠂ ᠬᠠᠮᠲᠤ ᠢᠢᠨ ᠠᠵᠢᠯᠯᠠᠭ᠎ᠠ ᠢᠢ ᠬᠠᠩ᠋ᠭᠠᠬᠤ᠂ ᠤᠯᠤᠰ ᠬᠣᠭᠤᠷᠤᠨᠳᠤ ᠢᠢᠨ ᠬᠠᠷᠢᠯᠴᠠᠭᠠᠨ ᠳᠤ ᠢᠲᠡᠭᠡᠯᠴᠡᠭᠰᠡᠨ ᠶᠠᠷᠢᠶ᠎ᠠ ᠬᠡᠯᠡᠯᠴᠡᠭᠡ ᠢᠢ ᠳᠡᠮᠵᠢᠬᠦ ᠳᠥ ᠴᠢᠭᠯᠡᠭᠰᠡᠨ ᠣᠯᠠᠨ ᠤᠯᠤᠰ ᠤᠨ ᠰᠠᠨᠠᠭᠠᠴᠢᠯᠠᠭ᠎ᠠ ᠢᠢ ᠳᠡᠮᠵᠢᠵᠦ ᠪᠤᠢ ᠳᠤ ᠮᠢᠨᠦ ᠪᠡᠶ᠎ᠡ ᠡᠷᠬᠢᠮ ᠬᠦᠨᠳᠦᠲᠦ ᠶᠡᠷᠦᠩᠬᠡᠢᠢᠯᠡᠭᠴᠢ ᠳᠥ ᠲᠠᠯᠠᠷᠬᠠᠵᠤ ᠪᠠᠢᠢᠭ᠎ᠠ ᠪᠠᠨ ᠢᠯᠡᠷᠬᠡᠢᠢᠯᠡᠭᠰᠡᠨ᠃

ᠲᠦᠷᠻᠮᠧᠨᠢᠰᠲ᠋ᠠᠨ ᠤᠯᠤᠰ ᠨᠢ ᠮᠣᠩ᠋ᠭᠤᠯ ᠤᠯᠤᠰ ᠤᠨ ᠳᠡᠯᠡᠬᠡᠶ ᠢᠢᠨ ᠲᠠᠪᠴᠠᠩ ᠳ᠋ᠠᠬᠢ ᠪᠦᠲᠦᠭᠡᠯᠴᠢ ᠡᠭᠦᠷᠭᠡ᠂ ᠣᠷᠤᠯᠴᠠᠭ᠎ᠠ ᠢᠢ ᠨᠢ ᠥᠨᠳᠦᠷ ᠢᠶᠡᠷ ᠦᠨᠡᠯᠡᠳᠡᠭ᠃

ᠮᠠᠨ ᠤ ᠤᠯᠤᠰ ᠣᠷᠤᠨ ᠨᠤᠭᠤᠳ ᠤᠨ ᠬᠠᠮᠲᠤ ᠢᠢᠨ ᠠᠵᠢᠯᠯᠠᠭ᠎ᠠ ᠣᠯᠠᠨ ᠤᠯᠤᠰ ᠤᠨ ᠨᠥᠬᠦᠴᠡᠯ ᠪᠠᠢᠢᠳᠠᠯ ᠢ ᠰᠠᠢᠢᠵᠢᠷᠠᠭᠤᠯᠬᠤ᠂ ᠣᠯᠠᠨ ᠤᠯᠤᠰ ᠤᠨ ᠡᠷᠬᠡ ᠵᠦᠢ ᠢᠢᠨ ᠬᠦᠯᠢᠶᠡᠨ ᠵᠥᠪᠰᠢᠶᠡᠷᠡᠭᠳᠡᠭᠰᠡᠨ ᠬᠡᠮ ᠬᠡᠮᠵᠢᠶ᠎ᠡ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠳᠦᠷᠢᠮ ᠢ ᠪᠡᠬᠢᠵᠢᠭᠦᠯᠬᠦ ᠳᠥ ᠮᠡᠳᠡᠭᠳᠡᠬᠦᠢᠢᠴᠡ ᠡᠶᠡᠷᠭᠦ ᠨᠥᠯᠦᠭᠡ ᠦᠵᠡᠭᠦᠯᠦᠨ᠎ᠡ ᠭᠡᠳᠡᠭ ᠲᠥ ᠪᠢᠳᠡ ᠢᠲᠡᠭᠡᠯ ᠲᠡᠢ ᠪᠠᠢᠢᠨ᠎ᠠ᠃

ᠲᠡᠭᠦᠨᠴᠢᠯᠡᠨ ᠲᠧᠷᠷᠣᠷᠢᠰᠮ᠂ ᠬᠡᠲᠦ ᠳᠠᠪᠠᠷᠠᠭᠴᠢ ᠦᠵᠡᠯ᠂ ᠦᠨᠳᠦᠰᠦᠲᠡᠨ ᠳᠠᠮᠨᠠᠭᠰᠠᠨ ᠭᠡᠮᠲᠦ ᠬᠡᠷᠡᠭ᠂ ᠬᠠᠷ᠎ᠠ ᠲᠠᠮᠠᠬᠢᠨ ᠤ ᠬᠠᠤᠯᠢ ᠪᠤᠰᠤ ᠨᠠᠢᠢᠮᠠᠢ ᠪᠣᠯᠤᠨ ᠪᠤᠰᠤᠳ ᠬᠠᠤᠯᠢ ᠪᠤᠰᠤ ᠦᠢᠯᠡ ᠠᠵᠢᠯᠯᠠᠭ᠎ᠠ ᠵᠡᠷᠭᠡ ᠳᠡᠯᠡᠬᠡᠶ ᠢᠢᠨ ᠬᠡᠮᠵᠢᠶᠡᠨ ᠳᠥ ᠲᠤᠯᠭᠠᠷᠠᠵᠤ ᠪᠤᠢ ᠰᠣᠷᠢᠯᠲᠠ᠂ ᠣᠯᠠᠨ ᠤᠯᠤᠰ ᠤᠨ ᠠᠶᠤᠯ ᠦᠭᠡᠢ ᠪᠠᠢᠢᠳᠠᠯ ᠳᠤ ᠲᠤᠯᠭᠠᠮᠳᠠᠵᠤ ᠪᠤᠢ ᠠᠶᠤᠯ ᠵᠠᠨᠤᠯᠬᠢᠯᠡᠯ ᠲᠡᠢ ᠲᠡᠮᠡᠴᠡᠬᠦ ᠳᠥ ᠬᠦᠴᠦᠨ ᠴᠢᠷᠮᠠᠢᠢᠯᠲᠠ ᠪᠠᠨ ᠨᠢᠭᠡᠳᠬᠡᠬᠦ ᠪᠡᠷ ᠲᠣᠬᠢᠷᠠᠯᠴᠠᠯ᠎ᠠ᠃

ᠬᠡᠯᠡᠯᠴᠡᠭᠡᠨ ᠦ ᠦᠶ᠎ᠡ ᠪᠡᠷ ᠬᠤᠳᠠᠯᠳᠤᠭ᠎ᠠ᠂ ᠡᠳ᠋ ᠦᠨ ᠵᠠᠰᠠᠭ ᠤᠨ ᠲᠦᠩᠰᠢᠯᠡᠯ ᠢ ᠨᠡᠩ ᠲᠡᠷᠢᠭᠦᠨ ᠳᠥ ᠲᠠᠯᠪᠢᠭᠰᠠᠨ᠃

ᠠᠽᠢ ᠠᠴᠠ ᠧᠦ᠋ᠷᠣᠫᠠ ᠤᠷᠤᠭᠤ ᠴᠢᠭᠯᠡᠭᠰᠡᠨ ᠲ᠋ᠢᠢᠪ ᠳᠠᠮᠨᠠᠭᠰᠠᠨ ᠲᠡᠭᠡᠭᠡᠪᠦᠷᠢ ᠢᠢᠨ ᠻᠣᠷᠢᠳᠣᠷ ᠪᠤᠢ ᠪᠣᠯᠭᠠᠬᠤ ᠳᠤ ᠬᠠᠮᠲᠤᠷᠠᠨ ᠠᠵᠢᠯᠯᠠᠵᠤ᠂ ᠲᠡᠭᠡᠭᠡᠪᠦᠷᠢ ᠢᠢᠨ ᠬᠠᠷᠢᠯᠴᠠᠭ᠎ᠠ ᠬᠣᠯᠪᠤᠭ᠎ᠠ ᠢᠢ ᠪᠤᠢ ᠪᠣᠯᠭᠠᠬᠤ ᠳᠤ ᠬᠣᠶᠠᠷ ᠲᠠᠯ᠎ᠠ ᠢᠢᠨ ᠬᠦᠴᠦᠨ ᠴᠢᠷᠮᠠᠢᠢᠯᠲᠠ ᠢᠢ ᠨᠢᠭᠡᠳᠬᠡᠬᠦ ᠢᠢᠨ ᠢᠷᠡᠭᠡᠳᠦᠶ ᠢᠢᠨ ᠪᠣᠯᠤᠮᠵᠢ ᠢᠢ ᠲᠡᠮᠳᠡᠭᠯᠡᠪᠡ᠃

ᠡᠨᠡ ᠬᠦᠷᠢᠶᠡᠨ ᠳᠥ ᠲᠦᠷᠻᠮᠧᠨᠢᠰᠲ᠋ᠠᠨ ᠤ «ᠶᠡᠬᠡ ᠲᠣᠷᠭᠠᠨ ᠤ ᠵᠠᠮ ᠢ ᠰᠡᠷᠭᠦᠭᠡᠬᠦ» ᠰᠠᠨᠠᠭᠠᠴᠢᠯᠠᠭ᠎ᠠ ᠢᠢᠨ ᠠᠴᠢ ᠬᠣᠯᠪᠤᠭᠳᠠᠯ ᠢ ᠣᠨᠴᠠᠯᠠᠨ ᠲᠡᠮᠳᠡᠭᠯᠡᠬᠦ ᠢᠢ ᠬᠦᠰᠡᠵᠦ ᠪᠠᠢᠢᠨ᠎ᠠ᠃

ᠡᠷᠴᠢᠮ ᠬᠦᠴᠦ᠂ ᠬᠠᠷᠢᠯᠴᠠᠭ᠎ᠠ ᠬᠣᠯᠪᠤᠭᠠᠨ ᠤ ᠰᠠᠯᠪᠤᠷᠢ ᠳᠤ ᠲᠦᠩᠰᠢᠯᠡᠯ ᠲᠣᠭᠲᠠᠭᠠᠬᠤ ᠤᠷᠢᠳᠴᠢᠯᠠᠭᠰᠠᠨ ᠨᠥᠬᠦᠴᠡᠯ ᠪᠠᠢᠢᠭ᠎ᠠ ᠢᠢ ᠪᠢᠳᠡ ᠬᠠᠷᠢᠯᠴᠠᠨ ᠲᠡᠮᠳᠡᠭᠯᠡᠭᠰᠡᠨ᠃ ᠬᠤᠳᠠᠯᠳᠤᠭᠠᠨ ᠤ ᠠᠬᠢᠴᠠ ᠳᠡᠪᠰᠢᠯ᠂ ᠬᠡᠲᠦ ᠢᠢᠨ ᠲᠥᠯᠦᠪ ᠢ ᠣᠨᠴᠠᠯᠠᠭᠰᠠᠨ ᠨᠢ ᠬᠡᠯᠡᠯᠴᠡᠭᠡᠨ ᠦ ᠨᠢᠭᠡ ᠴᠢᠬᠤᠯᠠ ᠬᠡᠰᠡᠭ ᠪᠠᠢᠢᠯ᠎ᠠ᠃

ᠬᠣᠶᠠᠷ ᠲᠠᠯ᠎ᠠ ᠢᠢᠨ ᠬᠤᠳᠠᠯᠳᠤᠭᠠᠨ ᠤ ᠡᠷᠭᠢᠯᠲᠡ ᠢᠢᠨ ᠬᠡᠮᠵᠢᠶ᠎ᠡ ᠢᠢ ᠥᠷᠭᠡᠵᠢᠭᠦᠯᠬᠦ᠂ ᠴᠢᠨᠠᠷᠵᠢᠭᠤᠯᠬᠤ᠂ ᠵᠢᠵᠢᠭ᠂ ᠳᠤᠮᠳᠠ ᠪᠢᠽᠢᠨᠧᠰ ᠦᠨ ᠣᠷᠤᠯᠴᠠᠭ᠎ᠠ ᠢᠢ ᠨᠡᠮᠡᠭᠳᠡᠭᠦᠯᠬᠦ ᠠᠰᠠᠭᠤᠳᠠᠯ ᠢᠶᠠᠷ ᠬᠠᠷᠢᠯᠴᠠᠨ ᠣᠢᠢᠯᠠᠭᠠᠯᠴᠠᠯ ᠳᠤ ᠬᠦᠷᠦᠯ᠎ᠡ᠃

ᠡᠨᠡ ᠬᠦᠷᠢᠶᠡᠨ ᠳᠥ ᠮᠠᠨ ᠤ ᠲᠠᠯ᠎ᠠ ᠠᠴᠠ ᠬᠡᠳᠦ ᠬᠡᠳᠦᠨ ᠰᠠᠨᠠᠯ ᠳᠡᠪᠰᠢᠭᠦᠯᠦᠭᠰᠡᠨ ᠢ ᠮᠣᠩ᠋ᠭᠤᠯ ᠤᠨ ᠲᠠᠯ᠎ᠠ ᠰᠣᠨᠢᠷᠬᠠᠨ ᠬᠦᠯᠢᠶᠡᠵᠦ ᠠᠪᠤᠯ᠎ᠠ᠃

ᠬᠡᠯᠡᠯᠴᠡᠭᠡᠨ ᠦ ᠦᠶ᠎ᠡ ᠪᠡᠷ ᠲᠦᠷᠻᠮᠧᠨᠢᠰᠲ᠋ᠠᠨ᠂ ᠮᠣᠩ᠋ᠭᠤᠯ ᠤᠯᠤᠰ ᠬᠣᠭᠤᠷᠤᠨᠳᠤ ᠢᠢᠨ ᠬᠠᠷᠢᠯᠴᠠᠭᠠᠨ ᠤ ᠨᠢᠭᠡ ᠲᠤᠯᠭᠠᠭᠤᠷᠢ ᠪᠣᠯᠬᠤ ᠪᠣᠯᠤᠮᠵᠢ ᠲᠠᠢ ᠫᠠᠷᠯᠠᠮᠧᠨ᠋ᠲ ᠬᠣᠭᠤᠷᠤᠨᠳᠤ ᠢᠢᠨ ᠬᠠᠮᠲᠤ ᠢᠢᠨ ᠠᠵᠢᠯᠯᠠᠭᠠᠨ ᠤ ᠠᠰᠠᠭᠤᠳᠠᠯ ᠢ ᠨᠠᠷᠢᠪᠴᠢᠯᠠᠨ ᠬᠡᠯᠡᠯᠴᠡᠯ᠎ᠡ᠃

ᠰᠣᠶᠤᠯ᠂ ᠬᠦᠮᠦᠨᠯᠢᠭ᠂ ᠰᠢᠨᠵᠢᠯᠡᠬᠦ ᠤᠬᠠᠭᠠᠨ᠂ ᠪᠣᠯᠪᠠᠰᠤᠷᠠᠯ᠂ ᠰᠫᠣᠷᠲ ᠤᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠲᠠᠯ᠎ᠠ ᠪᠠᠷ ᠬᠠᠷᠢᠯᠴᠠᠨ ᠲᠣᠬᠢᠷᠠᠯᠴᠠᠭᠠᠨ ᠳᠤ ᠬᠦᠷᠦᠯ᠎ᠡ᠃

ᠲᠦᠷᠻᠮᠧᠨᠢᠰᠲ᠋ᠠᠨ ᠤ ᠲᠥᠯᠦᠭᠡᠯᠡᠭᠴᠢᠳ ᠬᠡᠯᠡᠯᠴᠡᠭᠡᠨ ᠦ ᠦᠷ᠎ᠡ ᠳ᠋ᠦᠩ ᠳᠥ ᠭᠦᠨ ᠢᠶᠡᠨ ᠰᠡᠳᠬᠢᠯ ᠬᠠᠩ᠋ᠭᠠᠯᠤᠭᠤᠨ ᠪᠠᠢᠢᠨ᠎ᠠ᠃ ᠡᠭᠦᠨ ᠦ ᠦᠷ᠎ᠡ ᠳ᠋ᠦᠩ ᠳᠥ ᠲᠠᠯ᠎ᠠ ᠨᠤᠭᠤᠳ ᠲᠣᠮᠣᠬᠠᠨ ᠪᠠᠭᠴᠠ ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠯ᠎ᠠ᠃

ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠮᠣᠩ᠋ᠭᠤᠯ ᠤᠯᠤᠰ ᠲᠤ ᠬᠢᠭ᠍ᠰᠡᠨ ᠠᠩᠬᠠᠨ ᠤ ᠠᠢᠢᠯᠴᠢᠯᠠᠯ ᠮᠠᠰᠢ ᠠᠮᠵᠢᠯᠲᠠ ᠲᠠᠢ ᠪᠣᠯᠵᠤ᠂ ᠨᠠᠢᠢᠷᠰᠠᠭ ᠬᠣᠶᠠᠷ ᠤᠯᠤᠰ᠂ ᠠᠷᠠᠳ ᠲᠦᠮᠡᠨ ᠨᠦᠭᠦᠳ ᠬᠣᠭᠤᠷᠤᠨᠳᠤ ᠢᠢᠨ ᠬᠠᠷᠢᠯᠴᠠᠭᠠᠨ ᠤ ᠲᠡᠦᠬᠡᠨ ᠳᠥ ᠴᠢᠬᠤᠯᠠ ᠶᠠᠪᠤᠳᠠᠯ ᠪᠣᠯᠤᠯ᠎ᠠ ᠭᠡᠵᠦ ᠦᠵᠡᠵᠦ ᠪᠠᠢᠢᠨ᠎ᠠ᠃

ᠲᠦᠷᠻᠮᠧᠨᠢᠰᠲ᠋ᠠᠨ ᠤᠯᠤᠰ᠂ ᠮᠣᠩ᠋ᠭᠤᠯ ᠤᠯᠤᠰ ᠨᠢ ᠤᠷᠲᠤ ᠬᠤᠭᠤᠴᠠᠭᠠᠨ ᠳᠤ ᠨᠠᠢᠢᠷᠠᠮᠳᠠᠯ᠂ ᠡᠷᠬᠡ ᠲᠡᠭᠰᠢ᠂ ᠬᠠᠷᠢᠯᠴᠠᠨ ᠠᠰᠢᠭ ᠲᠠᠢ ᠬᠠᠷᠢᠯᠴᠠᠭ᠎ᠠ ᠢᠢ ᠢᠲᠡᠭᠡᠯ ᠲᠡᠭᠦᠰ᠂ ᠲᠤᠭᠤᠰᠢ ᠲᠠᠢ ᠬᠥᠭ᠍ᠵᠢᠭᠦᠯᠬᠦ ᠴᠢᠩ ᠰᠡᠳᠬᠢᠯ ᠦᠨ ᠡᠷᠡᠮᠡᠯᠵᠡᠯ ᠢᠶᠡᠨ ᠬᠠᠷᠢᠯᠴᠠᠨ ᠪᠠᠲᠤᠯᠠᠯ᠎ᠠ᠃

ᠡᠨᠡ ᠵᠠᠪᠰᠢᠶᠠᠨ ᠢ ᠠᠰᠢᠭᠯᠠᠨ ᠨᠠᠢᠢᠷᠰᠠᠭ ᠮᠣᠩ᠋ᠭᠤᠯ ᠤᠨ ᠠᠷᠠᠳ ᠲᠦᠮᠡᠨ ᠳᠥ ᠡᠩᠬᠡ ᠲᠠᠢᠢᠪᠤᠩ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ᠃

ᠠᠩᠬᠠᠷᠤᠯ ᠲᠠᠯᠪᠢᠭᠰᠠᠨ ᠳᠤ ᠪᠠᠶᠠᠷᠯᠠᠯ᠎ᠠ᠃