ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠲᠦᠷᠻᠮᠧᠨᠢᠰᠲ᠋ᠠᠨ ᠤᠯᠤᠰ ᠤᠨ ᠶᠡᠷᠦᠩᠬᠡᠢᠢᠯᠡᠭᠴᠢ ᠰᠧᠷᠳᠠᠷ ᠪᠧᠷᠳᠢᠮᠦ᠋ᠾᠠᠮᠧᠳᠣᠸ ᠤᠨ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠳᠤ «ᠮᠣᠩ᠋ᠭᠤᠯ-ᠲᠦᠷᠻᠮᠧᠨᠢᠰᠲ᠋ᠠᠨ ᠤ ᠪᠢᠽᠢᠨᠧᠰ ᠹᠣᠷᠦᠢᠮ» ᠪᠣᠯᠤᠯ᠎ᠠ᠃
ᠲᠠᠯ᠎ᠠ ᠨᠤᠭᠤᠳ ᠮᠣᠩ᠋ᠭᠤᠯ᠂ ᠲᠦᠷᠻᠮᠧᠨᠢᠰᠲ᠋ᠠᠨ ᠤ ᠡᠳ᠋ ᠦᠨ ᠵᠠᠰᠠᠭ ᠤᠨ ᠥᠨᠦ ᠢᠢᠨ ᠪᠠᠢᠢᠳᠠᠯ᠂ ᠪᠢᠽᠢᠨᠧᠰ ᠦᠨ ᠣᠷᠴᠢᠨ᠂ ᠬᠥᠷᠦᠩ᠋ᠭᠡ ᠣᠷᠤᠭᠤᠯᠤᠯᠲᠠ ᠢᠢᠨ ᠬᠠᠤᠯᠢ ᠡᠷᠬᠡ ᠵᠦᠢ ᠢᠢᠨ ᠣᠷᠴᠢᠨ ᠤ ᠲᠠᠯ᠎ᠠ ᠪᠠᠷ ᠬᠠᠷᠢᠯᠴᠠᠨ ᠮᠡᠳᠡᠭᠡᠯᠡᠯ ᠰᠣᠯᠢᠯᠴᠠᠵᠤ᠂ ᠬᠦᠨᠡᠰᠦ᠂ ᠬᠥᠳᠡᠭᠡ ᠠᠵᠤ ᠠᠬᠤᠶ᠂ ᠨᠡᠬᠡᠮᠡᠯ᠂ ᠰᠦᠯᠵᠢᠮᠡᠯ ᠡᠳ᠋ᠯᠡᠯ ᠵᠡᠷᠭᠡ ᠰᠠᠯᠪᠤᠷᠢ ᠳᠤ ᠬᠠᠮᠲᠤᠷᠠᠬᠤ ᠥᠷᠭᠡᠨ ᠪᠣᠯᠤᠮᠵᠢ ᠪᠠᠢᠢᠭ᠎ᠠ ᠭᠡᠳᠡᠭ ᠲᠥ ᠰᠠᠨᠠᠯ ᠨᠢᠭᠡᠳᠦᠯ᠎ᠡ᠃
ᠲᠦᠷᠻᠮᠧᠨᠢᠰᠲ᠋ᠠᠨ ᠤ ᠲᠠᠯ᠎ᠠ ᠤᠯᠠᠮᠵᠢᠯᠠᠯᠲᠤ ᠬᠡᠪᠢᠰ ᠪᠣᠯᠤᠨ ᠭᠠᠷ ᠤᠷᠠᠯᠠᠯ ᠤᠨ ᠪᠦᠲᠦᠭᠡᠭ᠍ᠳᠡᠬᠦᠨ ᠦ ᠦᠵᠡᠰᠬᠦᠯᠡᠩ᠂ ᠬᠤᠳᠠᠯᠳᠤᠭ᠎ᠠ ᠵᠣᠬᠢᠶᠠᠨ ᠪᠠᠢᠢᠭᠤᠯᠤᠭᠰᠠᠨ ᠪᠣᠯ ᠮᠠᠨ ᠤ ᠬᠡᠪᠢᠰ᠂ ᠨᠡᠬᠡᠮᠡᠯ ᠦᠨ ᠦᠢᠯᠡᠳᠪᠦᠷᠢ ᠨᠦᠭᠦᠳ ᠪᠦᠲᠦᠭᠡᠭ᠍ᠳᠡᠬᠦᠨ ᠢᠶᠡᠨ ᠲᠣᠯᠢᠯᠠᠭᠤᠯᠵᠤ᠂ ᠲᠧᠭᠨᠣᠯᠤᠭᠢ᠂ ᠳ᠋ᠢᠽᠠᠢᠢᠨ᠂ ᠲᠡᠭᠦᠬᠡᠶ ᠡᠳ᠋ ᠦᠨ ᠰᠣᠩ᠋ᠭᠤᠯᠲᠠ ᠵᠡᠷᠭᠡ ᠢᠢᠨ ᠲᠠᠯ᠎ᠠ ᠪᠠᠷ ᠲᠤᠷᠰᠢᠯᠭ᠎ᠠ ᠰᠣᠯᠢᠯᠴᠠᠯ᠎ᠠ᠃
ᠮᠥᠨ ᠬᠣᠶᠠᠷ ᠤᠯᠤᠰ ᠤᠨ ᠠᠵᠤ ᠠᠬᠤᠶ ᠢᠢᠨ ᠨᠢᠭᠡᠴᠡ ᠨᠦᠭᠦᠳ B2B ᠠᠭᠤᠯᠵᠠᠯᠲᠠ ᠬᠢᠵᠦ᠂ ᠬᠤᠳᠠᠯᠳᠤᠭ᠎ᠠ᠂ ᠬᠥᠷᠦᠩ᠋ᠭᠡ ᠣᠷᠤᠭᠤᠯᠤᠯᠲᠠ ᠪᠣᠯᠤᠨ ᠬᠠᠮᠲᠤᠷᠠᠭᠰᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠲᠠᠯ᠎ᠠ ᠪᠠᠷ ᠶᠠᠷᠢᠯᠴᠠᠯ᠎ᠠ᠃
ᠹᠣᠷᠦᠢᠮ ᠨᠢ ᠪᠢᠽᠢᠨᠧᠰ ᠡᠷᠬᠢᠯᠡᠭᠴᠢᠳ ᠰᠢᠭᠤᠳ ᠬᠠᠷᠢᠯᠴᠠᠭ᠎ᠠ᠂ ᠬᠣᠯᠪᠤᠭ᠎ᠠ ᠲᠣᠭᠲᠠᠭᠠᠬᠤ᠂ ᠤᠷᠲᠤ ᠬᠤᠭᠤᠴᠠᠭᠠᠨ ᠤ ᠬᠠᠮᠲᠤ ᠢᠢᠨ ᠠᠵᠢᠯᠯᠠᠭᠠᠨ ᠤ ᠦᠨᠳᠦᠰᠦ ᠰᠠᠭᠤᠷᠢ ᠢᠢ ᠲᠠᠯᠪᠢᠬᠤ ᠳᠤ ᠴᠢᠬᠤᠯᠠ ᠠᠯᠬᠤᠮ ᠪᠣᠯᠤᠯ᠎ᠠ᠃
ᠲᠦᠷᠻᠮᠧᠨᠢᠰᠲ᠋ᠠᠨ ᠨᠢ ᠬᠢᠲᠠᠳ᠂ ᠣᠷᠤᠰ᠂ ᠢᠷᠠᠨ᠂ ᠲᠦᠷᠻ ᠵᠡᠷᠭᠡ ᠳᠡᠯᠡᠬᠡᠶ ᠢᠢᠨ 100 ᠭᠠᠷᠤᠶ ᠣᠷᠤᠨ ᠲᠠᠢ ᠬᠤᠳᠠᠯᠳᠤᠭ᠎ᠠ ᠬᠢᠳᠡᠭ᠃ ᠡᠻᠰᠫᠣᠷᠲ ᠤᠨ ᠬᠡᠮᠵᠢᠶ᠎ᠡ 12·7 ᠲᠡᠷᠪᠤᠮ᠂ ᠢᠮᠫᠣᠷᠲ 7·3 ᠲᠡᠷᠪᠤᠮ ᠠᠮ᠊·ᠳ᠋ᠣᠯᠯᠠᠷ᠃ ᠪᠠᠢᠢᠭᠠᠯᠢ ᠢᠢᠨ ᠬᠡᠶ᠂ ᠨᠧᠹᠲ᠋ᠢ᠂ ᠨᠧᠹᠲ᠋ᠢ ᠦᠨ ᠪᠦᠲᠦᠭᠡᠭ᠍ᠳᠡᠬᠦᠨ᠂ ᠦᠷ᠎ᠡ ᠲᠠᠷᠢᠶ᠎ᠠ᠂ ᠬᠡᠪᠢᠰ᠂ ᠬᠡᠪᠢᠰᠦᠨ ᠪᠦᠲᠦᠭᠡᠭ᠍ᠳᠡᠬᠦᠨ ᠡᠻᠰᠫᠣᠷᠲ᠋ᠯᠠᠵᠤ᠂ ᠮᠠᠱᠢᠨ ᠮᠧᠬᠠᠨᠢᠰᠮ᠂ ᠬᠦᠨᠡᠰᠦ᠂ ᠡᠮ᠂ ᠡᠮ ᠦᠨ ᠲᠥᠷᠦᠯ ᠦᠨ ᠪᠦᠲᠦᠭᠡᠭ᠍ᠳᠡᠬᠦᠨ ᠢᠮᠫᠣᠷᠲ ᠢᠶᠠᠷ ᠠᠪᠳᠠᠭ ᠪᠠᠢᠢᠨ᠎ᠠ᠃
