Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠨᠠᠢᠮᠠ ᠳ᠋ᠠᠬᠢ ᠶᠡᠷᠦᠩᠬᠡᠶ ᠨᠠᠷᠢᠨ ᠪᠢᠴᠢᠭ ᠦᠨ ᠳᠠᠷᠤᠭ᠎ᠠ ᠪᠠᠨ ᠻᠢ ᠮᠦᠨ ᠨᠠᠷ ᠳᠤᠷᠠᠰᠬᠠᠯ ᠤᠨ ᠮᠣᠳᠤ ᠲᠠᠷᠢᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠵᠤ ᠪᠤᠢ «ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025 – ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ ᠦᠷᠭᠦᠯᠵᠢᠯᠡᠵᠦ ᠪᠠᠢᠢᠨ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠨᠠᠢᠮᠠ ᠳ᠋ᠠᠬᠢ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠪᠠᠨ ᠻᠢ ᠮᠦᠨ ᠨᠠᠷ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠥᠨᠦᠳᠦᠷ ᠦᠨᠳᠦᠰᠦᠨ ᠦ ᠴᠡᠴᠡᠷᠯᠢᠭ ᠲᠥ ᠬᠦᠷᠢᠶᠡᠯᠡᠩ ᠦᠨ ᠡᠩᠬᠡ ᠢᠢ ᠰᠠᠬᠢᠭᠤᠯᠤᠭᠴᠢᠳ ᠤᠨ ᠲᠥᠭᠡᠯ ᠳᠥ ᠳᠤᠷᠠᠰᠬᠠᠯ ᠤᠨ ᠮᠣᠳᠤ ᠲᠠᠷᠢᠯ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠡᠨᠡ ᠦᠶ᠎ᠡ ᠪᠡᠷ ᠤᠯᠠᠭᠠᠨᠪᠠᠭᠠᠲᠤᠷ ᠬᠣᠲᠠ ᠢᠢᠨ ᠦᠨᠳᠦᠰᠦᠨ ᠦ ᠴᠡᠴᠡᠷᠯᠢᠭ ᠲᠥ ᠬᠦᠷᠢᠶᠡᠯᠡᠩ ᠳᠥ ᠮᠣᠩ᠋ᠭᠤᠯ ᠤᠯᠤᠰ ᠠᠴᠠ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠡᠩᠬᠡ ᠢᠢ ᠳᠡᠮᠵᠢᠬᠦ ᠠᠵᠢᠯᠯᠠᠭᠠᠨ ᠳᠤ ᠣᠷᠤᠯᠴᠠᠭᠰᠠᠨ 20 ᠮᠢᠩ᠋ᠭ᠎ᠠ ᠭᠠᠷᠤᠶ ᠡᠩᠬᠡ ᠢᠢ ᠰᠠᠬᠢᠭᠤᠯᠤᠭᠴᠢᠳ ᠤᠨ ᠨᠡᠷᠡᠮᠵᠢᠲᠦ ᠲᠥᠭᠡᠯ ᠪᠠᠢᠢᠭᠤᠯᠤᠭᠰᠠᠨ ᠢ ᠬᠡᠯᠡᠯ᠎ᠡ᠃

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠨᠠᠢᠮᠠ ᠳ᠋ᠠᠬᠢ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠪᠠᠨ ᠻᠢ ᠮᠦᠨ ᠠᠯᠪᠠᠨ ᠡᠭᠦᠷᠭᠡ ᠪᠡᠨ ᠭᠦᠢᠴᠡᠳᠬᠡᠵᠦ ᠪᠠᠢᠢᠬᠤ ᠦᠶ᠎ᠡ ᠪᠡᠷ ᠢᠶᠡᠨ ᠮᠣᠩ᠋ᠭᠤᠯ ᠤᠨ ᠡᠩᠬᠡ ᠢᠢ ᠰᠠᠬᠢᠭᠤᠯᠤᠭᠴᠢᠳ ᠲᠠᠢ ᠠᠭᠤᠯᠵᠠᠵᠤ ᠪᠠᠢᠢᠭᠰᠠᠨᠤᠭ᠎ᠠ ᠰᠠᠨᠠᠨ ᠳᠤᠷᠠᠰᠴᠤ᠂ ᠡᠩᠬᠡ ᠢᠢ ᠰᠠᠬᠢᠭᠤᠯᠤᠭᠴᠢᠳ ᠢ ᠬᠦᠨᠳᠦᠳᠬᠡᠨ ᠲᠥᠭᠡᠯ ᠪᠠᠢᠢᠭᠤᠯᠤᠭᠰᠠᠨ ᠳᠤ ᠲᠠᠯᠠᠷᠬᠠᠯ ᠢᠯᠡᠷᠬᠡᠢᠢᠯᠡᠪᠡ᠃

ᠡᠨᠡ ᠦᠶ᠎ᠡ ᠪᠡᠷ ᠵᠡᠭᠦᠨ ᠬᠣᠢᠢᠳᠤ ᠠᠽᠢ ᠢᠢᠨ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠵᠠᠯᠠᠭᠤᠴᠤᠳ ᠤᠨ ᠵᠥᠪᠯᠡᠯ᠂ ᠦᠨᠳᠦᠰᠦᠨ ᠦ ᠪᠠᠢᠢᠭᠠᠯᠢ ᠣᠷᠴᠢᠨ ᠤ ᠵᠠᠯᠠᠭᠤᠴᠤᠳ ᠤᠨ ᠵᠥᠪᠯᠡᠯ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠨᠡᠢᠢᠭᠡᠮᠯᠢᠭ᠌ ᠦᠨ ᠭᠡᠰᠢᠭᠦᠨ ᠵᠠᠯᠠᠭᠤᠴᠤᠳ᠂ ᠣᠢ ᠢᠢᠨ ᠭᠠᠵᠠᠷ᠂ ᠦᠨᠳᠦᠰᠦᠨ ᠦ ᠴᠡᠴᠡᠷᠯᠢᠭ ᠲᠥ ᠬᠦᠷᠢᠶᠡᠯᠡᠩ ᠦᠨ ᠠᠵᠢᠯᠲᠠᠨ ᠨᠤᠭᠤᠳ ᠬᠠᠮᠲᠤ ᠮᠣᠳᠤ ᠲᠠᠷᠢᠯ᠎ᠠ᠃

ᠡᠩᠬᠡ ᠢᠢ ᠰᠠᠬᠢᠭᠤᠯᠤᠭᠴᠢᠳ ᠤᠨ ᠲᠥᠭᠡᠯ ᠳᠥ 2022 ᠣᠨ ᠳᠤ ᠮᠣᠩ᠋ᠭᠤᠯ ᠤᠯᠤᠰ ᠲᠤ ᠠᠢᠢᠯᠴᠢᠯᠠᠭᠰᠠᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠠᠨ᠋ᠲ᠋ᠣᠨᠢᠣ᠋ ᠭᠦᠲ᠋ᠧᠷᠷᠧᠱ ᠮᠣᠳᠤ ᠲᠠᠷᠢᠵᠤ ᠪᠠᠢᠢᠭᠰᠠᠨ ᠶᠤᠮ᠃