ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ «ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025 – ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ ᠳᠤ ᠣᠷᠤᠯᠴᠠᠵᠤ ᠪᠤᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ 8 ᠳ᠋ᠠᠬᠢ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ᠂ «ᠪᠠᠨ ᠻᠢ ᠮᠦᠨ» ᠰᠠᠩ ᠤᠨ ᠲᠡᠷᠢᠭᠦᠨ᠂ «ᠴᠢᠩᠬᠢᠰ ᠬᠠᠭᠠᠨ» ᠲᠡᠷᠢᠭᠦᠨ ᠵᠡᠷᠭᠡ ᠢᠢᠨ ᠣᠳᠤᠨᠲᠤ ᠪᠠᠨ ᠻᠢ ᠮᠦᠨ ᠢ ᠬᠦᠯᠢᠶᠡᠨ ᠠᠪᠴᠤ ᠠᠭᠤᠯᠵᠠᠯ᠎ᠠ᠃
ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠪᠠᠷ ᠠᠵᠢᠯᠯᠠᠵᠤ ᠪᠠᠢᠢᠬᠤ ᠳᠤ ᠪᠠᠨ ᠲᠣᠭᠲᠠᠪᠤᠷᠢ ᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ᠂ ᠪᠠᠢᠢᠭᠠᠯᠢ ᠣᠷᠴᠢᠨ ᠢᠶᠠᠨ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠦ ᠢᠳᠡᠪᠬᠢᠲᠡᠢ ᠠᠵᠢᠯᠯᠠᠵᠤ ᠪᠠᠢᠢᠭᠰᠠᠨ ᠢ ᠥᠨᠳᠦᠷ ᠢᠢᠡᠷ ᠦᠨᠡᠯᠡᠳᠡᠭ ᠢᠶᠡᠨ ᠶᠡᠷᠦᠩᠬᠡᠢᠢᠯᠡᠭᠴᠢ ᠤ·ᠬᠦᠷᠡᠯᠰᠦ᠋ᠬᠡ ᠲᠡᠮᠳᠡᠭᠯᠡᠯ᠎ᠡ᠃
ᠡᠭᠦᠨ ᠢ ᠪᠡᠨ ᠣᠳᠤ ᠴᠦ ᠦᠷᠭᠦᠯᠵᠢᠯᠡᠭᠦᠯᠵᠦ᠂ ᠴᠠᠷ ᠬᠦᠷᠢᠶ᠎ᠡ ᠢᠢ ᠨᠢ ᠦᠷᠭᠡᠳᠭᠡᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ «ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025- ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ ᠢᠢ ᠬᠠᠮᠲᠤᠷᠠᠨ ᠵᠣᠬᠢᠶᠠᠨ ᠪᠠᠢᠢᠭᠤᠯᠵᠤ ᠪᠠᠢᠢᠭ᠎ᠠ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃

ᠪᠠᠨ ᠻᠢ ᠮᠦᠨ᠂ ᠲᠣᠭᠲᠠᠪᠤᠷᠢ ᠲᠠᠢ ᠬᠥᠭ᠍ᠵᠢᠯ ᠦᠨ ᠵᠣᠷᠢᠯᠲᠠ ᠢᠢ ᠬᠡᠷᠡᠭᠵᠢᠭᠦᠯᠬᠦ᠂ ᠳᠡᠯᠡᠬᠡᠶ ᠨᠡᠢᠢᠲᠡ ᠢᠢᠨ ᠡᠮᠦᠨ᠎ᠡ ᠲᠤᠯᠭᠠᠮᠳᠠᠭᠠᠳ ᠪᠠᠢᠢᠭ᠎ᠠ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠦ ᠮᠠᠩᠯᠠᠢᠢᠯᠠᠯ ᠦᠵᠡᠭᠦᠯᠵᠦ᠂ ᠴᠢᠭᠤᠯᠭ᠎ᠠ ᠠᠭᠤᠯᠵᠠᠯᠲᠠ ᠵᠣᠬᠢᠶᠠᠨ ᠪᠠᠢᠢᠭᠤᠯᠵᠤ ᠪᠠᠢᠢᠭ᠎ᠠ ᠳᠤ ᠲᠠᠯᠠᠷᠬᠠᠯ᠎ᠠ᠃ ᠪᠤᠰᠤᠳ ᠤᠯᠤᠰ ᠣᠷᠤᠨ ᠮᠣᠩ᠋ᠭᠤᠯ ᠤᠯᠤᠰ ᠤᠨ ᠰᠠᠨᠠᠭᠠᠴᠢᠯᠠᠭ᠎ᠠ ᠢᠢ ᠳᠡᠮᠵᠢᠵᠦ᠂ ᠦᠯᠢᠭᠡᠷ ᠳᠠᠭᠤᠷᠢᠶᠠᠯ ᠠᠪᠴᠤ᠂ ᠤᠯᠠᠮ ᠢᠳᠡᠪᠬᠢᠲᠡᠢ ᠠᠵᠢᠯᠯᠠᠨ᠎ᠠ ᠭᠡᠳᠡᠭ ᠲᠥ ᠢᠲᠡᠭᠡᠯᠲᠡᠢ ᠪᠠᠢᠢᠭ᠎ᠠ ᠪᠠᠨ ᠢᠯᠡᠷᠬᠡᠢᠢᠯᠡᠯ᠎ᠡ᠃
«ᠪᠠᠨ ᠻᠢ ᠮᠦᠨ» ᠰᠠᠩ ᠴᠢᠨᠠᠭᠰᠢᠳᠠ ᠲᠣᠭᠲᠠᠪᠤᠷᠢ ᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ᠂ ᠠᠭᠤᠷ ᠠᠮᠢᠰᠬᠤᠯ ᠤᠨ ᠥᠭᠡᠷᠡᠴᠢᠯᠡᠯᠲᠡ᠂ ᠢᠷᠭᠡᠳ ᠦᠨ ᠡᠷᠡᠭᠦᠯ ᠮᠡᠨᠳᠦ᠂ ᠡᠮᠡᠭᠲᠡᠢᠢᠴᠦᠳ ᠦᠨ ᠮᠠᠩᠯᠠᠢᠢᠯᠠᠯ᠂ ᠣᠷᠤᠯᠴᠠᠭ᠎ᠠ ᠢᠢ ᠨᠡᠮᠡᠭᠳᠡᠭᠦᠯᠬᠦ᠂ ᠬᠡᠦᠬᠡᠳ᠂ ᠵᠠᠯᠠᠭᠤᠴᠤᠳ ᠢ ᠳᠡᠮᠵᠢᠬᠦ ᠵᠡᠷᠭᠡ ᠴᠢᠭᠯᠡᠯ ᠢᠢᠡᠷ ᠬᠠᠮᠲᠤᠷᠠᠨ ᠠᠵᠢᠯᠯᠠᠨ᠎ᠠ ᠭᠡᠳᠡᠭ ᠢᠢᠡᠨ ᠲᠡᠮᠳᠡᠭᠯᠡᠪᠡ᠃
ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠢ ᠳᠡᠮᠵᠢᠵᠦ 180 ᠰᠠᠶ᠎ᠠ ᠲᠥᠭᠦᠷᠢᠭ᠌ ᠬᠠᠨᠳᠢᠪᠯᠠᠵᠤ ᠪᠠᠢᠢᠭ᠎ᠠ ᠢᠢ ᠬᠡᠯᠡᠯ᠎ᠡ᠃ ᠴᠢᠨᠠᠭᠰᠢᠳᠠ ᠦᠨᠳᠦᠰᠦᠨ ᠦ ᠬᠥᠳᠡᠯᠭᠡᠭᠡᠨ ᠢ ᠪᠦᠰᠡ ᠨᠤᠲᠤᠭ ᠤᠨ ᠬᠡᠮᠵᠢᠶᠡᠨ ᠦ ᠬᠥᠳᠡᠯᠭᠡᠭᠡᠨ ᠪᠣᠯᠭᠠᠬᠤ ᠰᠠᠨᠠᠭᠠᠴᠢᠯᠠᠭ᠎ᠠ ᠳᠡᠪᠰᠢᠭᠦᠯᠵᠦ᠂ ᠬᠠᠮᠲᠤᠷᠠᠬᠤ ᠪᠠᠨ ᠢᠯᠡᠷᠬᠡᠢᠢᠯᠡᠯ᠎ᠡ᠃

