Та "Internet explorer"-ийн сүүлийн хувилбар болох "Microsoft edge"-г ашиглана уу

Хэрэв "Microsoft edge"-г татах бол энд дарж татаж авна уу

ᠭᠠᠳᠠᠭᠠᠳᠤ ᠤᠯᠤᠰ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠶᠡᠷᠦᠩᠬᠡᠢᠢᠯᠡᠭᠴᠢ ᠤ·ᠬᠦᠷᠡᠯᠰᠦ᠋ᠬᠡ ᠳᠥ ᠮᠡᠨᠳᠦᠴᠢᠯᠡᠭᠡ ᠳᠡᠪᠰᠢᠭᠦᠯᠦᠭᠰᠡᠭᠡᠷ ᠪᠠᠢᠢᠨ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠲᠥᠷᠦᠭᠰᠡᠨ ᠡᠳᠦᠷ ᠢ ᠲᠣᠬᠢᠶᠠᠯᠳᠤᠭᠤᠯᠤᠨ ᠭᠠᠳᠠᠭᠠᠳᠤ ᠢᠢᠨ ᠣᠷᠤᠨ ᠨᠤᠭᠤᠳ ᠤᠨ ᠲᠥᠷᠦ ᠢᠢᠨ ᠲᠡᠷᠢᠭᠦᠨ ᠨᠠᠷ ᠮᠡᠨᠳᠦᠴᠢᠯᠡᠭᠡ ᠳᠡᠪᠰᠢᠭᠦᠯᠦᠭᠰᠡᠭᠡᠷ ᠪᠠᠢᠢᠨ᠎ᠠ᠃

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠰᠢ ᠵᠢᠨ᠋ᠫᠢᠩ:

ᠬᠢᠲᠠᠳ᠂ ᠮᠣᠩ᠋ᠭᠤᠯ ᠬᠣᠶᠠᠷ ᠤᠯᠤᠰ ᠠᠭᠤᠯᠠ᠂ ᠤᠰᠤ ᠪᠠᠷ ᠬᠣᠯᠪᠤᠭᠳᠠᠭᠰᠠᠨ ᠰᠠᠢᠢᠨ ᠬᠥᠷᠰᠢ᠂ ᠰᠠᠢᠢᠨ ᠲᠦᠩᠰᠢ ᠪᠢᠯᠡ᠃ ᠲᠠ ᠬᠢᠲᠠᠳ᠂ ᠮᠣᠩ᠋ᠭᠤᠯ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭᠠᠨ ᠤ ᠬᠥᠭ᠍ᠵᠢᠯ ᠳᠥ ᠲᠦᠯᠬᠢᠴᠡ ᠦᠵᠡᠭᠦᠯᠵᠦ᠂ ᠨᠠᠢᠢᠷᠰᠠᠭ ᠬᠠᠮᠲᠤ ᠢᠢᠨ ᠠᠵᠢᠯᠯᠠᠭᠠᠨ ᠳᠤ ᠤᠷᠲᠤ ᠬᠤᠭᠤᠴᠠᠭᠠᠨ ᠤ ᠲᠤᠷᠰᠢ ᠠᠩᠬᠠᠷᠴᠤ᠂ ᠳᠡᠮᠵᠢᠵᠦ ᠢᠷᠡᠭᠰᠡᠨ᠃ ᠮᠢᠨᠦ ᠪᠡᠶ᠎ᠡ ᠬᠢᠲᠠᠳ᠂ ᠮᠣᠩ᠋ᠭᠤᠯ ᠤᠨ ᠬᠠᠷᠢᠯᠴᠠᠭ᠎ᠠ ᠢᠢ ᠬᠥᠭ᠍ᠵᠢᠭᠦᠯᠬᠦ ᠢᠢ ᠴᠢᠬᠤᠯᠠᠴᠢᠯᠠᠳᠠᠭ ᠪᠥᠭᠡᠳ ᠲᠠᠨ ᠲᠠᠢ ᠬᠠᠮᠲᠤᠷᠠᠨ ᠤᠯᠤᠰ ᠲᠥᠷᠦ ᠢᠢᠨ ᠬᠠᠷᠢᠯᠴᠠᠨ ᠢᠲᠡᠭᠡᠯᠴᠡᠯ ᠢ ᠪᠡᠬᠢᠵᠢᠭᠦᠯᠦᠨ᠂ ᠨᠠᠢᠢᠷᠰᠠᠭ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠵᠦ᠂ ᠪᠦᠲᠦᠭᠡᠨ ᠪᠠᠢᠢᠭᠤᠯᠤᠯᠲᠠ ᠢᠢ ᠬᠠᠷᠢᠯᠴᠠᠨ ᠳᠡᠮᠵᠢᠵᠦ᠂ ᠬᠣᠶᠠᠷ ᠤᠯᠤᠰ ᠤᠨ ᠠᠷᠠᠳ ᠲᠦᠮᠡᠨ ᠳᠥ ᠦᠷ᠎ᠡ ᠰᠢᠮ᠎ᠡ ᠢᠢ ᠨᠢ ᠬᠦᠷᠲᠡᠭᠡᠬᠦ᠂ ᠪᠦᠰᠡ ᠨᠤᠲᠤᠭ ᠤᠨ ᠡᠩᠬᠡ ᠲᠠᠢᠢᠪᠤᠩ᠂ ᠲᠣᠭᠲᠠᠪᠤᠷᠢ ᠲᠠᠢ ᠪᠠᠢᠢᠳᠠᠯ᠂ ᠬᠥᠭ᠍ᠵᠢᠯ ᠴᠡᠴᠡᠭᠯᠡᠯᠲᠡ ᠳᠥ ᠬᠤᠪᠢ ᠨᠡᠮᠡᠷᠢ ᠪᠡᠨ ᠣᠷᠤᠭᠤᠯᠬᠤ ᠳᠤ ᠪᠡᠯᠡᠨ ᠪᠠᠢᠢᠨ᠎ᠠ᠃ ᠲᠠᠨ ᠳᠤ ᠡᠷᠡᠭᠦᠯ ᠡᠩᠬᠡ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ᠃

ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠶᠡᠷᠦᠩᠬᠡᠢᠢᠯᠡᠭᠴᠢ ᠻᠠᠰᠢᠮ-ᠵᠣᠮᠠᠷᠲ᠋ ᠲᠣᠻᠠᠶᠧᠸ:

ᠲᠠᠨ ᠤ ᠮᠠᠩᠯᠠᠢᠢᠯᠠᠭᠴᠢ ᠴᠢᠨᠠᠷ᠂ ᠤᠳᠤᠷᠢᠳᠤᠯᠭ᠎ᠠ ᠳᠣᠣᠷ᠎ᠠ ᠮᠣᠩ᠋ᠭᠤᠯ ᠤᠯᠤᠰ ᠤᠨ ᠨᠡᠢᠢᠭᠡᠮ᠂ ᠡᠳ᠋ ᠦᠨ ᠵᠠᠰᠠᠭ ᠬᠥᠭ᠍ᠵᠢᠵᠦ᠂ ᠣᠯᠠᠨ ᠤᠯᠤᠰ ᠤᠨ ᠲᠠᠪᠴᠠᠩ ᠳᠤ ᠨᠡᠷ᠎ᠡ ᠬᠦᠨᠳᠦ ᠪᠡᠨ ᠪᠡᠬᠢᠵᠢᠭᠦᠯᠵᠦ ᠪᠠᠢᠢᠨ᠎ᠠ᠃ ᠮᠠᠨ ᠤ ᠬᠣᠶᠠᠷ ᠣᠷᠤᠨ ᠤ ᠨᠠᠢᠢᠷᠠᠮᠳᠠᠯ᠂ ᠬᠠᠷᠢᠯᠴᠠᠨ ᠬᠦᠨᠳᠦᠯᠡᠯ᠂ ᠰᠲ᠋ᠷᠠᠲ᠋ᠧᠭᠢ ᠢᠢᠨ ᠲᠦᠩᠰᠢᠯᠡᠯ ᠳᠥ ᠰᠠᠭᠤᠷᠢᠯᠠᠭᠰᠠᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠴᠢᠨᠠᠭᠰᠢᠳᠠ ᠡᠷᠴᠢᠮ ᠲᠡᠢ ᠬᠥᠭ᠍ᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃ ᠲᠠᠨ ᠳᠤ ᠪᠣᠯᠤᠨ ᠮᠣᠩ᠋ᠭᠤᠯ ᠤᠨ ᠠᠷᠠᠳ ᠲᠦᠮᠡᠨ ᠳᠥ ᠬᠥᠭ᠍ᠵᠢᠯ᠂ ᠳᠡᠪᠰᠢᠯ᠂ ᠴᠡᠴᠡᠭᠯᠡᠯᠲᠡ ᠬᠦᠰᠡᠨ ᠢᠷᠦᠭᠡᠶ ᠡ᠃

ᠪᠦᠭᠦᠳᠡ ᠨᠠᠢᠢᠷᠠᠮᠳᠠᠬᠤ ᠦᠽᠪᠧᠻᠰᠲ᠋ᠠᠨ ᠤᠯᠤᠰ ᠤᠨ ᠶᠡᠷᠦᠩᠬᠡᠢᠢᠯᠡᠭᠴᠢ ᠱᠠᠸᠻᠠᠲ᠋ ᠮᠢᠷᠽᠢᠶᠣᠶᠧᠸ:

ᠲᠠᠨ ᠳᠤ ᠴᠢᠩ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ᠃ ᠲᠠᠨ ᠤ ᠬᠡᠷᠡᠭᠵᠢᠭᠦᠯᠵᠦ ᠪᠠᠢᠢᠭ᠎ᠠ ᠲᠤᠭᠤᠰᠢᠲᠠᠢ ᠪᠣᠳᠤᠯᠭ᠎ᠠ᠂ ᠰᠢᠨᠡᠴᠢᠯᠡᠯ ᠦᠨ ᠳ᠋ᠦᠩ ᠳᠥ ᠮᠣᠩ᠋ᠭᠤᠯ ᠤᠯᠤᠰ ᠬᠥᠭ᠍ᠵᠢᠨ ᠳᠡᠪᠵᠢᠵᠦ᠂ ᠣᠯᠠᠨ ᠤᠯᠤᠰ ᠤᠨ ᠲᠠᠪᠴᠠᠩ ᠳᠤ ᠨᠡᠷ᠎ᠡ ᠬᠦᠨᠳᠦ᠂ ᠨᠥᠯᠦᠭᠡ ᠥᠰᠦᠨ ᠨᠡᠮᠡᠭᠳᠡᠵᠦ ᠪᠠᠢᠢᠨ᠎ᠠ᠃ ᠥᠩ᠋ᠭᠡᠷᠡᠭᠰᠡᠨ ᠣᠨ ᠳᠤ ᠮᠠᠨ ᠤ ᠤᠯᠤᠰ ᠲᠤ ᠬᠢᠭ᠍ᠰᠡᠨ ᠲᠠᠨ ᠤ ᠲᠥᠷᠦ ᠢᠢᠨ ᠠᠢᠢᠯᠴᠢᠯᠠᠯ ᠤᠨ ᠦᠶ᠎ᠡ ᠪᠡᠷ ᠬᠠᠷᠢᠯᠴᠠᠨ ᠲᠣᠬᠢᠷᠠᠯᠴᠠᠭᠰᠠᠨ ᠵᠦᠢᠯᠡᠰ ᠪᠢᠳᠡᠨ ᠦ ᠬᠠᠮᠲᠤ ᠢᠢᠨ ᠠᠵᠢᠯᠯᠠᠭ᠎ᠠ ᠢᠢ ᠰᠢᠨ᠎ᠡ ᠲᠥᠪᠰᠢᠨ ᠳᠥ ᠭᠠᠷᠭᠠᠬᠤ ᠳᠤ ᠴᠢᠬᠤᠯᠠ ᠲᠦᠯᠬᠢᠴᠡ ᠪᠣᠯᠤᠭᠰᠠᠨ ᠢ ᠣᠨᠴᠠᠯᠠᠨ ᠲᠡᠮᠳᠡᠭᠯᠡᠶ ᠡ᠃ ᠤᠳᠠᠬᠤ ᠦᠭᠡᠢ ᠲᠠᠨ ᠤ ᠰᠠᠢᠢᠬᠠᠨ ᠣᠷᠤᠨ ᠳᠤ ᠬᠢᠬᠦ ᠲᠥᠷᠦ ᠢᠢᠨ ᠠᠢᠢᠯᠴᠢᠯᠠᠯ ᠤᠨ ᠦᠶ᠎ᠡ ᠪᠡᠷ ᠡᠳ᠋ ᠦᠨ ᠵᠠᠰᠠᠭ᠂ ᠬᠥᠳᠡᠭᠡ ᠠᠵᠤ ᠠᠬᠤᠶ᠂ ᠠᠭᠤᠯᠠ ᠠᠭᠤᠷᠬᠠᠶ᠂ ᠬᠢᠮᠢ ᠢᠢᠨ ᠦᠢᠯᠡᠳᠪᠦᠷᠢᠯᠡᠯ᠂ ᠡᠮ ᠵᠦᠢ᠂ ᠴᠠᠬᠢᠯᠭᠠᠨ ᠲᠧᠭᠨᠢᠭ᠂ ᠲᠡᠭᠡᠭᠡᠪᠦᠷᠢ᠂ ᠰᠣᠶᠤᠯ᠂ ᠬᠦᠮᠦᠨᠯᠢᠭ ᠵᠡᠷᠭᠡ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠳᠤ ᠰᠢᠨ᠎ᠡ ᠬᠠᠭᠤᠳᠠᠰᠤ ᠨᠡᠭᠡᠭᠡᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃ ᠲᠠᠨ ᠳᠤ ᠪᠣᠯᠤᠨ ᠮᠣᠩ᠋ᠭᠤᠯ ᠤᠨ ᠨᠠᠢᠢᠷᠰᠠᠭ ᠠᠷᠠᠳ ᠲᠦᠮᠡᠨ ᠳᠥ ᠡᠩᠬᠡ ᠲᠠᠢᠢᠪᠤᠩ᠂ ᠠᠶᠤᠯ ᠦᠭᠡᠢ ᠪᠠᠢᠢᠳᠠᠯ᠂ ᠬᠥᠭ᠍ᠵᠢᠯ ᠴᠡᠴᠡᠭᠯᠡᠯᠲᠡ ᠬᠦᠰᠡᠨ ᠢᠷᠦᠭᠡᠶ ᠡ᠃

ᠣᠷᠤᠰ ᠤᠨ ᠬᠣᠯᠪᠤᠭᠠᠨ ᠤ ᠤᠯᠤᠰ ᠤᠨ ᠲᠥᠷᠦ ᠢᠢᠨ ᠳᠦᠮ ᠤᠨ ᠳ᠋ᠧᠫᠦ᠋ᠲ᠋ᠠᠲ ᠰ·ᠮ·ᠮᠢᠷᠣᠨᠣᠸ:

ᠲᠠ ᠥᠩ᠋ᠭᠡᠷᠡᠭᠰᠡᠨ ᠬᠤᠭᠤᠴᠠᠭᠠᠨ ᠳᠤ «ᠪᠠᠶᠠᠯᠢᠭ ᠲᠤ ᠪᠠᠨ ᠡᠵᠡᠨ ᠮᠣᠩ᠋ᠭᠤᠯ» ᠤᠷᠢᠶ᠎ᠠ ᠳᠡᠪᠰᠢᠭᠦᠯᠵᠦ᠂ ᠪᠣᠳᠠᠲᠤ ᠦᠷ᠎ᠡ ᠳ᠋ᠦᠩ ᠭᠠᠷᠭᠠᠨ᠂ ᠬᠠᠮᠤᠭ ᠤᠨ ᠣᠢᠢᠷ᠎ᠠ ᠢᠢᠨ ᠲᠦᠩᠰᠢ ᠣᠷᠤᠰ ᠤᠨ ᠬᠣᠯᠪᠤᠭᠠᠨ ᠤ ᠤᠯᠤᠰ ᠲᠠᠢ ᠬᠠᠷᠢᠯᠴᠠᠨ ᠠᠰᠢᠭ ᠲᠠᠢ᠂ ᠣᠯᠠᠨ ᠲᠠᠯᠠᠲᠤ᠂ ᠨᠠᠢᠢᠷᠰᠠᠭ ᠬᠠᠷᠢᠯᠴᠠᠭ᠎ᠠ ᠢᠢ ᠬᠥᠭ᠍ᠵᠢᠭᠦᠯᠵᠦ ᠪᠠᠢᠢᠨ᠎ᠠ᠃ ᠮᠠᠨ ᠤ ᠬᠣᠶᠠᠷ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠬᠣᠶᠠᠷ ᠣᠷᠤᠨ ᠤ ᠠᠷᠠᠳ ᠲᠦᠮᠡᠨ ᠨᠦᠭᠦᠳ ᠦᠨ ᠲᠤᠰᠠ ᠢᠢᠨ ᠲᠤᠯᠠᠳᠠ ᠤᠯᠠᠮ ᠪᠡᠬᠢᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃ ᠲᠠᠨ ᠳᠤ ᠪᠣᠯᠤᠨ ᠮᠣᠩ᠋ᠭᠤᠯ ᠤᠨ ᠠᠷᠠᠳ ᠲᠦᠮᠡᠨ ᠳᠥ ᠠᠮᠵᠢᠯᠲᠠ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ᠃