Та "Internet explorer"-ийн сүүлийн хувилбар болох "Microsoft edge"-г ашиглана уу

Хэрэв "Microsoft edge"-г татах бол энд дарж татаж авна уу

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠂ ᠡᠷᠬᠢᠮ ᠳᠡᠭᠡᠳᠦ ᠬᠠᠲᠤᠨ ᠮᠠᠰᠠᠻᠣ ᠨᠠᠷ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ 2025 ᠣᠨ ᠤ 07 ᠳ᠋ᠤᠭᠠᠷ ᠰᠠᠷ᠎ᠠ ᠢᠢᠨ 06-13 ᠤ ᠡᠳᠦᠷ ᠦᠳ ᠲᠥ ᠮᠣᠩ᠋ᠭᠤᠯ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃

ᠲᠤᠰ ᠠᠢᠢᠯᠴᠢᠯᠠᠯ ᠨᠢ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ ᠤᠨ ᠮᠠᠨ ᠤ ᠤᠯᠤᠰ ᠲᠤ ᠬᠢᠵᠦ ᠪᠤᠢ ᠠᠩᠬᠠᠨ ᠤ ᠲᠥᠷᠦ ᠢᠢᠨ ᠠᠢᠢᠯᠴᠢᠯᠠᠯ ᠶᠤᠮ᠃

ᠠᠢᠢᠯᠴᠢᠯᠠᠯ ᠤᠨ ᠬᠦᠷᠢᠶᠡᠨ ᠳᠥ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠨᠠᠷ ᠠᠯᠪᠠᠨ ᠶᠣᠰᠤᠨ ᠤ ᠠᠭᠤᠯᠵᠠᠯᠲᠠ ᠬᠢᠵᠦ᠂ ᠨᠠᠢᠢᠷᠰᠠᠭ ᠬᠠᠷᠢᠯᠴᠠᠭ᠎ᠠ᠂ ᠠᠷᠠᠳ ᠢᠷᠭᠡᠳ ᠦᠨ ᠨᠠᠢᠢᠷᠠᠮᠳᠠᠯ᠂ ᠨᠥᠬᠦᠷᠯᠡᠯ ᠢ ᠭᠦᠨᠵᠡᠭᠡᠢᠢᠷᠡᠭᠦᠯᠦᠨ ᠬᠥᠭ᠍ᠵᠢᠭᠦᠯᠬᠦ ᠲᠠᠯ᠎ᠠ ᠪᠠᠷ ᠶᠠᠷᠢᠯᠴᠠᠨ᠎ᠠ᠃

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠪᠣᠯᠤᠨ ᠡᠷᠬᠢᠮ ᠳᠡᠭᠡᠳᠦ ᠬᠠᠲᠤᠨ ᠮᠠᠰᠠᠻᠣ ᠨᠠᠷ ᠦᠨᠳᠦᠰᠦᠨ ᠦ ᠶᠡᠬᠡ ᠪᠠᠶᠠᠷ ᠨᠠᠭᠠᠳᠤᠮ ᠤᠨ ᠨᠡᠭᠡᠭᠡᠯᠲᠡ ᠪᠣᠯᠤᠨ ᠪᠤᠰᠤᠳ ᠶᠣᠰᠤᠯᠠᠯ ᠤᠨ ᠠᠵᠢᠯᠯᠠᠭᠠᠨ ᠳᠤ ᠬᠦᠨᠳᠦᠲᠦ ᠵᠣᠴᠢᠳ ᠤᠨ ᠬᠤᠪᠢ ᠪᠠᠷ ᠣᠷᠤᠯᠴᠠᠨ᠎ᠠ᠃

ᠡᠨᠡ ᠬᠦ ᠲᠥᠷᠦ ᠢᠢᠨ ᠠᠢᠢᠯᠴᠢᠯᠠᠯ ᠨᠢ ᠠᠷᠠᠳᠴᠢᠯᠠᠯ ᠤᠨ ᠨᠡᠢᠢᠲᠡᠯᠢᠭ ᠦᠨᠡᠲᠦ ᠵᠦᠢᠯᠡᠰ ᠪᠦᠬᠦᠢ ᠮᠣᠩ᠋ᠭᠤᠯ ᠤᠯᠤᠰ᠂ ᠶᠠᠫᠣᠨ ᠤᠯᠤᠰ ᠤᠨ «ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠶ ᠰᠲ᠋ᠷᠠᠲ᠋ᠧᠭᠢ ᠢᠢᠨ ᠲᠦᠩᠰᠢᠯᠡᠯ» ᠢ ᠭᠦᠨᠵᠡᠭᠡᠢᠢᠷᠡᠭᠦᠯᠵᠦ᠂ «ᠬᠦᠮᠦᠨ ᠲᠥᠪ ᠲᠡᠢ» ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠬᠤ ᠲᠡᠦᠬᠡᠨ ᠠᠴᠢ ᠬᠣᠯᠪᠤᠭᠳᠠᠯᠲᠠᠢ᠃

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠤᠭᠰᠠᠭ᠎ᠠ ᠵᠠᠯᠭᠠᠮᠵᠢᠯᠠᠭᠴᠢ ᠬᠤᠩᠲᠠᠢᠢᠵᠢ ᠢᠢᠨ ᠬᠤᠪᠢ ᠪᠠᠷ 2007 ᠣᠨ ᠳᠤ ᠮᠣᠩ᠋ᠭᠤᠯ ᠤᠯᠤᠰ᠂ ᠶᠠᠫᠣᠨ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 35 ᠵᠢᠯ ᠦᠨ ᠣᠢ ᠢᠢᠨ ᠬᠦᠷᠢᠶᠡᠨ ᠳᠥ ᠮᠠᠨ ᠤ ᠤᠯᠤᠰ ᠲᠤ ᠠᠯᠪᠠᠨ ᠶᠣᠰᠤᠨ ᠤ ᠠᠢᠢᠯᠴᠢᠯᠠᠯ ᠬᠢᠵᠦ ᠪᠠᠢᠢᠭᠰᠠᠨ᠃