ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠠᠴᠠ ᠮᠣᠩ᠋ᠭᠤᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠠᠯᠮᠠᠰ ᠰᠧᠢᠢᠲ᠋ᠠᠻᠢᠨᠣᠸ 2025 ᠣᠨ ᠤ 6 ᠳ᠋ᠤᠭᠠᠷ ᠰᠠᠷ᠎ᠠ ᠢᠢᠨ 20 ᠤ ᠡᠳᠦᠷ ᠢᠲᠡᠭᠡᠮᠵᠢᠯᠠᠬᠦ ᠵᠢᠭᠤᠬᠤ ᠪᠢᠴᠢᠭ᠌ ᠢᠶᠡᠨ ᠡᠷᠭᠦᠨ ᠪᠠᠷᠢᠪᠠ᠃
ᠶᠡᠷᠦᠩᠬᠡᠢᠢᠯᠡᠭᠴᠢ ᠤ·ᠬᠦᠷᠡᠯᠰᠦ᠋ᠬᠡ ᠮᠠᠨ ᠤ ᠬᠣᠶᠠᠷ ᠠᠷᠠᠳ ᠲᠦᠮᠡᠨ ᠡᠷᠲᠡ ᠦᠶ᠎ᠡ ᠡᠴᠡ ᠲᠡᠦᠬᠡ᠂ ᠥᠪ ᠰᠣᠶᠤᠯ᠂ ᠤᠯᠠᠮᠵᠢᠯᠠᠯ ᠤᠨ ᠭᠦᠨᠵᠡᠭᠡᠶ ᠬᠡᠯᠬᠢᠶ᠎ᠡ ᠬᠣᠯᠪᠤᠭ᠎ᠠ ᠲᠠᠢ ᠶᠠᠪᠤᠵᠤ ᠢᠷᠡᠭᠰᠡᠨ ᠨᠠᠢᠢᠷᠰᠠᠭ ᠬᠠᠷᠢᠯᠴᠠᠭ᠎ᠠ ᠲᠠᠢ ᠣᠷᠤᠨ ᠨᠤᠭᠤᠳ ᠪᠥᠭᠡᠳ ᠮᠣᠩ᠋ᠭᠤᠯ᠂ ᠻᠠᠽᠠᠻᠰᠲ᠋ᠠᠨ ᠤ ᠬᠣᠭᠤᠷᠤᠨᠳᠤ 1992 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ ᠬᠤᠭᠤᠴᠠᠭᠠᠨ ᠳᠤ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ «ᠰᠲ᠋ᠷᠠᠲ᠋ᠧᠭᠢ ᠢᠢᠨ ᠲᠦᠩᠰᠢᠯᠡᠯ» ᠦᠨ ᠲᠥᠪᠰᠢᠨ ᠳᠥ ᠥᠷᠭᠡᠵᠢᠨ ᠬᠥᠭ᠍ᠵᠢᠵᠦ ᠪᠤᠢ ᠳᠤ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠪᠡ᠃
ᠬᠣᠶᠠᠷ ᠤᠯᠤᠰ ᠤᠨ ᠲᠥᠷᠦ ᠢᠢᠨ ᠲᠡᠷᠢᠭᠦᠨ ᠨᠠᠷ ᠤᠨ ᠶᠠᠷᠢᠵᠤ ᠲᠣᠬᠢᠷᠠᠭᠰᠠᠨ ᠵᠦᠢᠯ ᠢ ᠪᠣᠳᠠᠲᠤ ᠠᠵᠢᠯ ᠬᠡᠷᠡᠭ ᠪᠣᠯᠭᠠᠬᠤ᠂ ᠲᠡᠷᠡ ᠳᠤᠮᠳᠠ ᠪᠠᠨ ᠬᠣᠶᠠᠷ ᠣᠷᠤᠨ ᠤ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ᠂ ᠮᠣᠩ᠋ᠭᠤᠯ᠂ ᠻᠠᠽᠠᠻᠰᠲ᠋ᠠᠨ ᠢ ᠬᠣᠯᠪᠤᠭᠰᠠᠨ ᠳᠥᠲᠡ ᠵᠠᠮ ᠢ ᠪᠤᠢ ᠪᠣᠯᠭᠠᠬᠤ᠂ ᠮᠣᠩ᠋ᠭᠤᠯ-ᠻᠠᠽᠠᠻᠰᠲ᠋ᠠᠨ ᠤ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ ᠤᠨ ᠬᠤᠷᠠᠯᠳᠤᠭᠠᠨ ᠢ ᠲᠣᠭᠲᠠᠮᠠᠯᠵᠢᠭᠤᠯᠬᠤ ᠵᠡᠷᠭᠡ ᠴᠢᠭᠯᠡᠯ ᠳᠥ ᠡᠯᠴᠢᠨ ᠰᠠᠢᠢᠳ ᠢ ᠠᠩᠬᠠᠷᠴᠤ ᠠᠵᠢᠯᠯᠠᠬᠤ ᠢᠢ ᠬᠦᠰᠡᠪᠡ᠃
ᠡᠯᠴᠢᠨ ᠰᠠᠢᠢᠳ ᠠ᠊· ᠰᠧᠢᠢᠲ᠋ᠠᠻᠢᠨᠣᠸ ᠮᠣᠩ᠋ᠭᠤᠯ ᠤᠯᠤᠰ ᠲᠤ ᠠᠵᠢᠯᠯᠠᠬᠤ ᠬᠤᠭᠤᠴᠠᠭᠠᠨ ᠳᠤ ᠪᠠᠨ ᠬᠣᠶᠠᠷ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠪᠦᠬᠦᠢ ᠯᠠ ᠰᠠᠯᠪᠤᠷᠢ ᠳᠤ ᠥᠷᠭᠡᠵᠢᠭᠦᠯᠦᠨ ᠲᠡᠯᠡᠬᠦ᠂ ᠬᠠᠷᠢᠯᠴᠠᠨ ᠠᠰᠢᠭ ᠲᠠᠢ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠢᠢᠨ ᠲᠥᠯᠦᠭᠡ ᠬᠢᠴᠢᠶᠡᠯ ᠵᠢᠳᠬᠦᠯ ᠭᠠᠷᠭᠠᠨ ᠠᠵᠢᠯᠯᠠᠬᠤ ᠪᠠᠨ ᠢᠯᠡᠷᠬᠡᠢᠢᠯᠡᠯ᠎ᠡ᠃
ᠮᠣᠩ᠋ᠭᠤᠯ᠂ ᠻᠠᠽᠠᠻᠰᠲ᠋ᠠᠨ ᠤ ᠬᠣᠭᠤᠷᠤᠨᠳᠤ 1992 ᠣᠨ ᠤ 01 ᠊ᠳ᠋ᠦᠭᠡᠷ ᠰᠠᠷ᠎ᠠ ᠢᠢᠨ 22 ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ᠃


