ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠭᠡᠷᠭᠡᠶ ᠯᠤᠪᠰᠠᠩᠳᠣᠷᠵᠢ ᠢᠢᠨ ᠪᠣᠯᠤᠷᠴᠡᠴᠡᠭ᠌ ᠦᠨ ᠬᠠᠮᠲᠤ ᠪᠦᠭᠦᠳᠡ ᠨᠠᠢᠢᠷᠠᠮᠳᠠᠬᠤ ᠦᠽᠪᠧᠻᠰᠲ᠋ᠠᠨ ᠤᠯᠤᠰ ᠤᠨ ᠶᠡᠷᠦᠩᠬᠡᠢᠢᠯᠡᠭᠴᠢ ᠱᠠᠸᠻᠠᠲ᠋ ᠮᠢᠷᠽᠢᠶᠣᠶᠧᠸ᠂ ᠭᠡᠷᠭᠡᠶ ᠽᠢᠣᠷᠠᠲ᠋ ᠮᠢᠷᠽᠢᠶᠣᠶᠧᠸᠠ ᠨᠠᠷ ᠢ ᠳᠠ᠊·ᠰᠦᠬᠡᠪᠠᠭᠠᠲᠤᠷ ᠤᠨ ᠲᠠᠯᠠᠪᠠᠢ ᠳᠤ ᠤᠭᠲᠤᠵᠤ ᠠᠪᠤᠯ᠎ᠠ᠃
ᠲᠥᠷᠦ ᠢᠢᠨ ᠬᠦᠨᠳᠦᠲᠦ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮ ᠳᠥ ᠬᠣᠶᠠᠷ ᠤᠯᠤᠰ ᠤᠨ ᠲᠥᠷᠦ ᠢᠢᠨ ᠳᠠᠭᠤᠯᠠᠯ ᠡᠭᠡᠰᠢᠭᠯᠡᠪᠡ᠃ ᠶᠡᠷᠦᠩᠬᠡᠢᠢᠯᠡᠭᠴᠢ ᠨᠠᠷ ᠲᠥᠷᠦ ᠢᠢᠨ ᠶᠣᠰᠤᠯᠠᠯ ᠤᠨ ᠴᠡᠷᠢᠭ ᠦᠨ ᠴᠠᠭᠠᠨ ᠲᠤᠭ ᠲᠤ ᠮᠡᠬᠦᠢᠢᠨ ᠶᠤᠰᠤᠯᠠᠵᠤ᠂ ᠶᠡᠷᠦᠩᠬᠡᠢᠢᠯᠡᠭᠴᠢ ᠱᠠ᠊·ᠮᠢᠷᠽᠢᠶᠣᠶᠧᠸ ᠲᠥᠷᠦ ᠢᠢᠨ ᠬᠦᠨᠳᠦᠲᠦ ᠬᠠᠷᠠᠭᠤᠯ ᠤᠨ ᠴᠡᠷᠢᠭ ᠦᠳ ᠲᠡᠢ ᠮᠡᠨᠳᠦᠴᠢᠯᠡᠯ᠎ᠡ᠃
ᠲᠥᠷᠦ ᠢᠢᠨ ᠲᠡᠷᠢᠭᠦᠨ ᠨᠠᠷ ᠤᠭᠲᠤᠬᠤ ᠶᠣᠰᠤᠯᠠᠯ ᠳᠤ ᠬᠦᠷᠦᠯᠴᠡᠨ ᠢᠷᠡᠭᠰᠡᠨ ᠮᠣᠩ᠋ᠭᠤᠯ ᠤᠯᠤᠰ ᠪᠣᠯᠤᠨ ᠦᠽᠪᠧᠻᠰᠲ᠋ᠠᠨ ᠤᠯᠤᠰ ᠤᠨ ᠠᠯᠪᠠᠨ ᠤ ᠲᠥᠯᠦᠭᠡᠯᠡᠭᠴᠢᠳ᠂ ᠮᠣᠩ᠋ᠭᠤᠯ ᠤᠯᠤᠰ ᠲᠤ ᠰᠠᠭᠤᠭ᠎ᠠ ᠳ᠋ᠢᠫᠯᠣᠮᠠᠲ ᠲᠥᠯᠦᠭᠡᠯᠡᠭᠴᠢ ᠢᠢᠨ ᠭᠠᠵᠠᠷ ᠤᠳ ᠤᠨ ᠲᠡᠷᠢᠭᠦᠨ᠂ ᠣᠯᠠᠨ ᠤᠯᠤᠰ ᠤᠨ ᠪᠠᠢᠢᠭᠤᠯᠤᠯᠭ᠎ᠠ ᠢᠢᠨ ᠰᠠᠭᠤᠷᠢᠨ ᠲᠥᠯᠦᠭᠡᠯᠡᠭᠴᠢᠳ ᠲᠡᠢ ᠮᠡᠨᠳᠦᠴᠢᠯᠡᠪᠡ᠃
ᠶᠡᠷᠦᠩᠬᠡᠢᠢᠯᠡᠭᠴᠢ ᠨᠠᠷ ᠶᠡᠬᠡ ᠡᠵᠡᠨ ᠴᠢᠩᠬᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠭᠰᠡᠨ ᠦ ᠳᠠᠷᠠᠭ᠎ᠠ ᠶᠡᠷᠦᠩᠬᠡᠢᠢᠯᠡᠭᠴᠢ ᠱᠠ᠊·ᠮᠢᠷᠽᠢᠶᠣᠶᠧᠸ ᠲᠥᠷᠦ ᠢᠢᠨ ᠣᠷᠳᠤᠨ ᠤ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠯ᠎ᠠ᠃
ᠶᠡᠷᠦᠩᠬᠡᠢᠢᠯᠡᠭᠴᠢ ᠱᠠ᠊·ᠮᠢᠷᠽᠢᠶᠣᠶᠧᠸ ᠤᠨ ᠡᠨᠡ ᠤᠳᠠᠭ᠎ᠠ ᠢᠢᠨ ᠲᠥᠷᠦ ᠢᠢᠨ ᠠᠢᠢᠯᠴᠢᠯᠠᠯ ᠨᠢ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ ᠬᠤᠭᠤᠴᠠᠭᠠᠨ ᠳᠤ ᠪᠦᠭᠦᠳᠡ ᠨᠠᠢᠢᠷᠠᠮᠳᠠᠬᠤ ᠦᠽᠪᠧᠻᠰᠲ᠋ᠠᠨ ᠤᠯᠤᠰ ᠤᠨ ᠲᠥᠷᠦ ᠢᠢᠨ ᠲᠡᠷᠢᠭᠦᠨ ᠦ ᠲᠥᠪᠰᠢᠨ ᠳᠥ ᠠᠩᠬ᠎ᠠ ᠤᠳᠠᠭ᠎ᠠ ᠬᠢᠵᠦ ᠪᠤᠢ ᠳᠡᠭᠡᠳᠦ ᠲᠥᠪᠰᠢᠨ ᠦ ᠠᠢᠢᠯᠴᠢᠯᠠᠯ ᠶᠤᠮ᠃
ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠦᠽᠪᠧᠻᠰᠲ᠋ᠠᠨ ᠤᠯᠤᠰ 1992 ᠣᠨ ᠤ 01 ᠊ᠳ᠋ᠦᠭᠡᠷ ᠰᠠᠷ᠎ᠠ ᠢᠢᠨ 25 ᠤ ᠡᠳᠦᠷ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠶᠤᠮ᠃
















