Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠤ·ᠬᠦᠷᠡᠯᠰᠦ᠋ᠬᠡ᠂ ᠱᠠᠸᠻᠠᠲ᠋ ᠮᠢᠷᠽᠢᠶᠣᠶᠧᠸ ᠨᠠᠷ ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠲᠣᠭᠲᠠᠭᠠᠭᠰᠠᠨ ᠢᠢᠠᠨ ᠵᠠᠷᠯᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠦᠽᠪᠧᠻᠰᠲ᠋ᠠᠨ ᠤᠯᠤᠰ ᠤᠨ ᠶᠡᠷᠦᠩᠬᠡᠢᠢᠯᠡᠭᠴᠢ ᠱᠠᠸᠻᠠᠲ᠋ ᠮᠢᠷᠽᠢᠶᠣᠶᠧᠸ ᠨᠠᠷ ᠠᠯᠪᠠᠨ ᠶᠣᠰᠤᠨ ᠤ ᠬᠡᠯᠡᠯᠴᠡᠭᠡᠨ ᠦ ᠦᠷ᠎ᠡ ᠳ᠋ᠦᠩ ᠦᠨ ᠲᠠᠯ᠎ᠠ ᠪᠠᠷ ᠬᠡᠪᠯᠡᠯ ᠮᠡᠳᠡᠭᠡᠯᠡᠯ ᠦᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠳᠥ ᠮᠡᠳᠡᠭᠡᠯᠡᠯ ᠥᠭ᠍ᠭᠦᠯ᠎ᠡ᠃

ᠬᠣᠶᠠᠷ ᠤᠯᠤᠰ ᠤᠨ ᠲᠥᠷᠦ ᠢᠢᠨ ᠲᠡᠷᠢᠭᠦᠨ ᠦ ᠬᠡᠯᠡᠭᠰᠡᠨ ᠦᠭᠡ ᠢᠢ ᠬᠦᠷᠭᠡᠵᠦ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠡᠨᠳᠡ ᠬᠦᠷᠦᠯᠴᠡᠨ ᠢᠷᠡᠭᠰᠡᠨ ᠬᠡᠪᠯᠡᠯ ᠦᠨ ᠲᠥᠯᠦᠭᠡᠯᠡᠭᠴᠢᠳ ᠡ᠂

ᠲᠠ ᠪᠦᠬᠦᠨ ᠳᠥ ᠡᠨᠡ ᠡᠳᠦᠷ ᠦᠨ ᠮᠡᠨᠳᠦ ᠢᠢ ᠬᠦᠷᠭᠡᠶ ᠡ᠃

ᠦᠽᠪᠧᠻᠰᠲ᠋ᠠᠨ ᠤᠯᠤᠰ ᠤᠨ ᠶᠡᠷᠦᠩᠬᠡᠢᠢᠯᠡᠭᠴᠢ᠂ ᠡᠷᠬᠢᠮ ᠬᠦᠨᠳᠦᠲᠦ ᠱᠠᠸᠻᠠᠲ᠋ ᠮᠢᠷᠽᠢᠶᠣᠶᠧᠸ ᠲᠠ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠤᠷᠢᠯᠭ᠎ᠠ ᠪᠠᠷ ᠥᠨᠢ ᠡᠷᠲᠡᠨ ᠦ ᠲᠡᠦᠬᠡᠲᠦ᠂ ᠮᠥᠩᠬᠡ ᠬᠥᠬᠡ ᠲᠩᠷᠢ ᠢᠢᠨ ᠣᠷᠤᠨ ᠮᠠᠨ ᠤ ᠰᠠᠢᠢᠬᠠᠨ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠭ᠎ᠠ ᠳᠤ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠶ ᠡ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ 2024 ᠣᠨ ᠤ ᠵᠢᠷᠭᠤᠭᠠᠳ᠋ᠤᠭᠠᠷ ᠰᠠᠷ᠎ᠠ ᠳᠤ ᠧᠦ᠋ᠷᠠᠽᠢ ᠢᠢᠨ ᠲᠥᠪ ᠲᠥ ᠣᠷᠤᠰᠢᠬᠤ ᠲᠡᠦᠬᠡ᠂ ᠰᠣᠶᠤᠯ ᠤᠨ ᠥᠯᠦᠭᠡᠶ ᠨᠤᠲᠤᠭ᠂ ᠪᠠᠢᠢᠭᠠᠯᠢ ᠢᠢᠨ ᠦᠵᠡᠰᠬᠦᠯᠡᠩᠲᠦ ᠲᠠᠨ ᠤ ᠰᠠᠢᠢᠬᠠᠨ ᠣᠷᠤᠨ ᠳᠤ ᠡᠷᠬᠢᠮ ᠶᠡᠷᠦᠩᠬᠡᠢᠢᠯᠡᠭᠴᠢ ᠲᠠᠨ ᠤ ᠤᠷᠢᠯᠭ᠎ᠠ ᠪᠠᠷ ᠠᠩᠬᠠᠨ ᠤ ᠲᠥᠷᠦ ᠢᠢᠨ ᠠᠢᠢᠯᠴᠢᠯᠠᠯ ᠬᠢᠭᠰᠡᠨ ᠢᠢᠡᠨ ᠡᠷᠭᠢᠨ ᠳᠤᠷᠠᠰᠬᠤ ᠳᠤ ᠲᠠᠭ᠎ᠠ ᠲᠠᠢ ᠪᠠᠢᠢᠨ᠎ᠠ᠃

ᠬᠣᠶᠠᠷ ᠤᠯᠤᠰ ᠤᠨ ᠲᠥᠷᠦ ᠢᠢᠨ ᠲᠡᠷᠢᠭᠦᠨ ᠨᠢᠭᠡ ᠵᠢᠯ ᠦᠨ ᠬᠤᠭᠤᠴᠠᠭᠠᠨ ᠳᠤ ᠬᠠᠷᠢᠯᠴᠠᠨ ᠲᠥᠷᠦ ᠢᠢᠨ ᠠᠢᠢᠯᠴᠢᠯᠠᠯ ᠬᠢᠵᠦ ᠪᠤᠢ ᠨᠢ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡᠬᠢ ᠲᠠ ᠪᠢᠳᠡᠨ ᠦ ᠬᠦᠰᠡᠯ ᠡᠷᠡᠮᠡᠯᠵᠡᠯ ᠦᠨ ᠲᠣᠳᠤ ᠢᠯᠡᠷᠬᠡᠢᠢᠯᠡᠯ ᠶᠤᠮ᠃

ᠡᠨᠡ ᠬᠦ ᠠᠢᠢᠯᠴᠢᠯᠠᠯ ᠨᠢ ᠮᠠᠨ ᠤ ᠬᠣᠶᠠᠷ ᠤᠯᠤᠰ ᠤᠨ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ 33 ᠵᠢᠯ ᠦᠨ ᠬᠤᠭᠤᠴᠠᠭᠠᠨ ᠳᠤ ᠦᠽᠪᠧᠻᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠮᠣᠩ᠋ᠭᠤᠯ ᠤᠯᠤᠰ ᠲᠤ ᠬᠢᠵᠦ ᠪᠤᠢ ᠠᠩᠬᠠᠨ ᠤ ᠲᠥᠷᠦ ᠢᠢᠨ ᠠᠢᠢᠯᠴᠢᠯᠠᠯ ᠪᠥᠭᠡᠳ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠲᠡᠦᠬᠡᠨ ᠳᠥ ᠨᠢᠭᠡᠨ ᠰᠢᠨ᠎ᠡ ᠬᠠᠭᠤᠳᠠᠰᠤ ᠢᠢ ᠨᠡᠭᠡᠭᠡᠭ᠍ᠰᠡᠨ᠂ ᠣᠨᠴᠤᠭᠤᠶ ᠠᠴᠢ ᠬᠣᠯᠪᠤᠭᠳᠠᠯᠲᠠᠢ ᠲᠡᠦᠬᠡᠨ ᠠᠢᠢᠯᠴᠢᠯᠠᠯ ᠪᠣᠯᠵᠤ ᠪᠠᠢᠢᠭ᠎ᠠ ᠢᠢ ᠣᠨᠴᠠᠯᠠᠨ ᠲᠡᠮᠳᠡᠭᠯᠡᠵᠦ ᠪᠠᠢᠢᠨ᠎ᠠ᠃

ᠠᠢᠢᠯᠴᠢᠯᠠᠯ ᠤᠨ ᠬᠦᠷᠢᠶᠡᠨ ᠳᠥ ᠡᠷᠬᠢᠮ ᠶᠡᠷᠦᠩᠬᠡᠢᠢᠯᠡᠭᠴᠢ ᠲᠠ ᠪᠢᠳᠡ᠂ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠥᠷᠭᠡᠵᠢᠭᠦᠯᠦᠨ ᠬᠥᠭ᠍ᠵᠢᠭᠦᠯᠵᠦ᠂ ᠬᠠᠷᠢᠯᠴᠠᠭ᠎ᠠ ᠢᠢ «ᠢᠵᠢ ᠪᠦᠷᠢᠨ ᠲᠦᠩᠰᠢᠯᠡᠯ» ᠤᠨ ᠲᠥᠪᠰᠢᠨ ᠳᠥ ᠬᠦᠷᠭᠡᠨ ᠬᠥᠭ᠍ᠵᠢᠭᠦᠯᠬᠦ ᠲᠡᠦᠬᠡᠨ ᠰᠢᠢᠳᠪᠦᠷᠢ ᠭᠠᠷᠭᠠᠯ᠎ᠠ᠃

ᠦᠽᠪᠧᠻᠰᠲ᠋ᠠᠨ ᠤᠯᠤᠰ ᠨᠢ ᠲᠥᠪ ᠠᠽᠢ ᠢᠢᠨ ᠪᠦᠰᠡ ᠨᠤᠲᠤᠭ ᠳ᠋ᠠᠬᠢ ᠮᠠᠨ ᠤ ᠤᠯᠤᠰ ᠤᠨ ᠠᠩᠬᠠᠨ ᠤ «ᠢᠵᠢ ᠪᠦᠷᠢᠨ ᠲᠦᠩᠰᠢᠯᠡᠯ» ᠤᠨ ᠬᠠᠷᠢᠯᠴᠠᠭ᠎ᠠ ᠲᠠᠢ ᠣᠷᠤᠨ ᠪᠣᠯᠵᠤ ᠪᠤᠢ ᠢᠢ ᠣᠨᠴᠠᠯᠠᠨ ᠲᠡᠮᠳᠡᠭᠯᠡᠬᠦ ᠳᠥ ᠲᠠᠭ᠎ᠠ ᠲᠠᠢ ᠪᠠᠢᠢᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠡᠨᠡ ᠬᠦ ᠲᠥᠷᠦ ᠢᠢᠨ ᠠᠢᠢᠯᠴᠢᠯᠠᠯ ᠢᠶᠠᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ 2024 ᠣᠨ ᠳᠤ ᠦᠽᠪᠧᠻᠰᠲ᠋ᠠᠨ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠦᠶ᠎ᠡ ᠪᠡᠷ ᠪᠠᠢᠢᠭᠤᠯᠤᠭᠰᠠᠨ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ᠌ ᠦᠳ ᠦᠨ ᠪᠡᠶᠡᠯᠡᠯᠲᠡ᠂ ᠦᠷ᠎ᠡ ᠳ᠋ᠦᠩ ᠢ ᠳ᠋ᠦᠩᠨᠡᠨ ᠬᠡᠯᠡᠯᠴᠡᠵᠦ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠤᠯᠠᠮ ᠪᠦᠷᠢ ᠥᠷᠭᠡᠵᠢᠭᠦᠯᠦᠨ ᠬᠥᠭ᠍ᠵᠢᠭᠦᠯᠬᠦ ᠲᠠᠯ᠎ᠠ ᠪᠠᠷ ᠬᠡᠯᠡᠯᠴᠡᠯ᠎ᠡ᠃

ᠠᠢᠢᠯᠴᠢᠯᠠᠯ ᠤᠨ ᠦᠷ᠎ᠡ ᠳ᠋ᠦᠩ ᠢᠢᠡᠷ «ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠦᠽᠪᠧᠻᠰᠲ᠋ᠠᠨ ᠤᠯᠤᠰ ᠤᠨ ᠬᠣᠭᠤᠷᠤᠨᠳᠤ ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠲᠣᠭᠲᠠᠭᠠᠬᠤ ᠲᠤᠬᠠᠶ ᠬᠠᠮᠲᠤᠷᠠᠭᠰᠠᠨ ᠲᠤᠩᠬᠠᠭᠯᠠᠯ» ᠭᠠᠷᠭᠠᠵᠤ ᠪᠠᠢᠢᠭ᠎ᠠ ᠳᠤ ᠪᠠᠨ ᠪᠠᠶᠠᠷ ᠲᠠᠢ ᠪᠠᠢᠢᠨ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ 2024 ᠣᠨ ᠳᠤ ᠦᠽᠪᠧᠻᠰᠲ᠋ᠠᠨ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠦᠶ᠎ᠡ ᠪᠡᠷ «ᠠᠭᠠᠷ ᠤᠨ ᠪᠣᠯᠤᠨ ᠣᠯᠠᠨ ᠤᠯᠤᠰ ᠤᠨ ᠠᠦ᠋ᠲ᠋ᠣ᠋ ᠲᠡᠭᠡᠭᠡᠪᠦᠷᠢ ᠢᠢᠨ ᠬᠠᠷᠢᠯᠴᠠᠭᠠᠨ ᠤ ᠲᠤᠬᠠᠶ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ»᠂ «ᠠᠶᠠᠯᠠᠯ ᠵᠢᠭᠤᠯᠴᠢᠯᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠪᠣᠯᠤᠨ ᠬᠤᠳᠠᠯᠳᠤᠭ᠎ᠠ᠂ ᠡᠳ᠋ ᠦᠨ ᠵᠠᠰᠠᠭ᠂ ᠠᠶᠠᠯᠠᠯ ᠵᠢᠭᠤᠯᠴᠢᠯᠠᠯ᠂ ᠬᠥᠳᠡᠭᠡ ᠠᠵᠤ ᠠᠬᠤᠶ᠂ ᠮᠠᠯ ᠡᠮᠨᠡᠯᠭᠡ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠦᠨᠳᠦᠰᠦ ᠰᠠᠭᠤᠷᠢ ᠪᠣᠯᠤᠭᠰᠠᠨ ᠪᠠᠷᠢᠮᠲᠠ ᠪᠢᠴᠢᠭ᠌ ᠦᠳ ᠪᠠᠢᠢᠭᠤᠯᠤᠭᠰᠠᠨ ᠪᠢᠯᠡ᠃

ᠲᠡᠭᠡᠪᠡᠯ ᠡᠷᠬᠢᠮ ᠶᠡᠷᠦᠩᠬᠡᠢᠢᠯᠡᠭᠴᠢ ᠲᠠᠨ ᠤ ᠲᠥᠷᠦ ᠢᠢᠨ ᠠᠢᠢᠯᠴᠢᠯᠠᠯ ᠢᠶᠠᠷ ᠬᠠᠷᠢᠯᠴᠠᠭ᠎ᠠ ᠢᠢ ᠬᠠᠤᠯᠢ᠂ ᠡᠷᠬᠡ ᠵᠦᠢ᠂ ᠠᠭᠤᠯᠠ ᠠᠭᠤᠷᠬᠠᠶ᠂ ᠪᠠᠢᠢᠭᠠᠯᠢ ᠣᠷᠴᠢᠨ᠂ ᠪᠣᠯᠪᠠᠰᠤᠷᠠᠯ᠂ ᠰᠢᠨᠵᠢᠯᠡᠬᠦ ᠤᠬᠠᠭᠠᠨ᠂ ᠰᠣᠶᠤᠯ᠂ ᠡᠷᠡᠭᠦᠯ ᠮᠡᠨᠳᠦ᠂ ᠤᠷᠭᠤᠮᠠᠯ ᠤᠨ ᠬᠣᠷᠢᠭ᠎ᠠ ᠴᠡᠭᠡᠷ ᠵᠡᠷᠭᠡ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠪᠠᠷ ᠪᠠᠶᠠᠵᠢᠭᠤᠯᠤᠨ ᠵᠠᠰᠠᠭ ᠤᠨ ᠭᠠᠵᠠᠷ ᠪᠣᠯᠤᠨ ᠪᠠᠢᠢᠭᠤᠯᠤᠯᠭ᠎ᠠ ᠬᠣᠭᠤᠷᠤᠨᠳᠤ ᠢᠢᠨ 14 ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠯ᠎ᠠ᠃

ᠲᠤᠬᠠᠢᠢᠯᠠᠪᠠᠯ᠂ «ᠭᠡᠮᠲᠦ ᠬᠡᠷᠡᠭ ᠲᠡᠢ ᠲᠡᠮᠡᠴᠡᠬᠦ᠂ ᠤᠷᠢᠳᠴᠢᠯᠠᠨ ᠰᠡᠷᠭᠡᠢᠢᠯᠡᠬᠦ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠫᠷᠣᠲ᠋ᠤᠻᠤᠯ»᠂ «ᠤᠷᠭᠤᠮᠠᠯ ᠢ ᠬᠠᠮᠠᠭᠠᠯᠠᠬᠤ᠂ ᠬᠣᠷᠢᠭ᠎ᠠ ᠴᠡᠭᠡᠷ ᠦᠨ ᠴᠢᠭᠯᠡᠯ ᠢᠶᠡᠷ ᠬᠠᠮᠲᠤᠷᠠᠨ ᠠᠵᠢᠯᠯᠠᠬᠤ ᠬᠡᠯᠡᠯᠴᠡᠭᠡᠷ» ᠪᠣᠯᠤᠨ «ᠰᠣᠶᠤᠯ ᠤᠨ ᠰᠠᠯᠪᠤᠷᠢ ᠳᠤ 2025-2028 ᠣᠨ ᠳᠤ ᠬᠠᠮᠲᠤᠷᠠᠨ ᠠᠵᠢᠯᠯᠠᠬᠤ ᠬᠥᠲᠦᠯᠪᠦᠷᠢ» ᠵᠡᠷᠭᠡ ᠢᠢ ᠣᠨᠴᠠᠯᠠᠨ ᠲᠡᠮᠳᠡᠭᠯᠡᠶ ᠡ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠦᠢᠯᠡᠰ ᠲᠥ ᠡᠷᠬᠢᠮ ᠬᠦᠨᠳᠦᠲᠦ ᠶᠡᠷᠦᠩᠬᠡᠢᠢᠯᠡᠭᠴᠢ ᠲᠠᠨ ᠤ ᠣᠷᠤᠭᠤᠯᠵᠤ ᠪᠤᠢ ᠬᠤᠪᠢ ᠨᠡᠮᠡᠷᠢ᠂ ᠬᠢᠴᠢᠶᠡᠯ ᠵᠢᠳᠬᠦᠯ ᠢ ᠣᠨᠴᠠᠯᠠᠨ ᠲᠡᠮᠳᠡᠭᠯᠡᠵᠦ᠂ ᠥᠨᠳᠦᠷ ᠦᠨᠡᠯᠡᠵᠦ ᠪᠠᠢᠢᠨ᠎ᠠ᠃

ᠲᠠ ᠪᠢᠳᠡ 2024 ᠣᠨ ᠳᠤ ᠲ᠋ᠠᠱᠻᠧᠨ᠋ᠲ᠋ ᠬᠣᠲᠠᠨ᠎ᠠ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠲᠡᠷᠢᠭᠦᠯᠡᠬᠦ ᠴᠢᠭᠯᠡᠯ ᠦᠳ ᠢᠶᠡᠨ ᠲᠣᠳᠤᠷᠬᠠᠢᠢᠯᠠᠭᠰᠠᠨ ᠨᠢ ᠪᠣᠭᠤᠨᠢ ᠬᠤᠭᠤᠴᠠᠭᠠᠨ ᠳᠤ ᠪᠡᠶᠡᠯᠡᠯ ᠢᠶᠡᠨ ᠣᠯᠵᠤ᠂ ᠡᠬᠢᠨ ᠡᠴᠡ ᠪᠡᠨ ᠪᠣᠳᠠᠲᠤ ᠠᠵᠢᠯ ᠬᠡᠷᠡᠭ ᠪᠣᠯᠵᠤ ᠪᠠᠢᠢᠭ᠎ᠠ ᠢᠢ ᠣᠨᠴᠠᠯᠠᠨ ᠲᠡᠮᠳᠡᠭᠯᠡᠬᠦ ᠳᠥ ᠲᠠᠭ᠎ᠠ ᠲᠠᠢ ᠪᠠᠢᠢᠨ᠎ᠠ᠃

«ᠮᠣᠩ᠋ᠭᠤᠯ-ᠦᠽᠪᠧᠻᠰᠲ᠋ᠠᠨ ᠤ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ» ᠪᠣᠯᠤᠨ «ᠠᠦ᠋ᠲ᠋ᠣ᠋ ᠲᠡᠭᠡᠭᠡᠪᠦᠷᠢ ᠢᠢᠨ ᠬᠠᠮᠲᠤᠷᠠᠭᠰᠠᠨ ᠬᠣᠷᠢᠶ᠎ᠠ» ᠢᠢ ᠰᠢᠨ᠎ᠡ ᠪᠡᠷ ᠪᠠᠢᠢᠭᠤᠯᠵᠤ᠂ ᠠᠩᠬᠠᠳᠤᠭᠠᠷ ᠬᠤᠷᠠᠯᠳᠤᠭᠠᠨ ᠨᠤᠭᠤᠳ ᠢ 2025 ᠣᠨ ᠤ ᠬᠣᠶᠠᠳ᠋ᠤᠭᠠᠷ ᠰᠠᠷ᠎ᠠ ᠳᠤ ᠠᠮᠠᠵᠢᠯᠲᠠ ᠲᠠᠢ ᠵᠣᠬᠢᠶᠠᠨ ᠪᠠᠢᠢᠭᠤᠯᠤᠭᠰᠠᠨ᠃

ᠬᠣᠶᠠᠷ ᠣᠷᠤᠨ ᠤ ᠬᠣᠭᠤᠷᠤᠨᠳᠤ ᠢᠢᠨ ᠬᠤᠳᠠᠯᠳᠤᠭᠠᠨ ᠤ ᠡᠷᠭᠢᠯᠲᠡ ᠢᠢ 10-20 ᠳᠠᠬᠢᠨ ᠨᠡᠮᠡᠭᠳᠡᠭᠦᠯᠬᠦ᠂ ᠡᠻᠰᠫᠣᠷᠲ᠂ ᠢᠮᠫᠣᠷᠲ ᠤᠨ ᠪᠠᠷᠠᠭ᠎ᠠ ᠪᠦᠲᠦᠭᠡᠭ᠍ᠳᠡᠬᠦᠨ ᠦ ᠨᠡᠷ᠎ᠡ ᠲᠥᠷᠦᠯ ᠢ ᠣᠯᠠᠰᠢᠷᠠᠭᠤᠯᠬᠤ᠂ ᠠᠵᠤ ᠠᠬᠤᠶ ᠢᠢᠨ ᠨᠢᠭᠡᠴᠡ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠢᠢ ᠥᠷᠭᠡᠵᠢᠭᠦᠯᠬᠦ ᠪᠡᠷ ᠲᠣᠬᠢᠷᠠᠵᠤ᠂ «ᠦᠽᠪᠧᠻᠰᠲ᠋ᠠᠨ ᠤ ᠬᠤᠳᠠᠯᠳᠤᠭᠠᠨ ᠤ ᠲᠥᠪ» ᠢ ᠤᠯᠠᠭᠠᠨᠪᠠᠭᠠᠲᠤᠷ ᠬᠣᠲᠠᠨ᠎ᠠ ᠨᠡᠭᠡᠭᠡᠯ᠎ᠡ᠃

ᠬᠥᠳᠡᠭᠡ ᠠᠵᠤ ᠠᠬᠤᠶ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠵᠣᠷᠢᠯᠭ᠎ᠠ ᠪᠠᠷ 100 ᠮᠢᠩ᠋ᠭᠠᠨ ᠲᠣᠯᠤᠭᠠᠶ ᠬᠣᠨᠢ᠂ ᠢᠮᠠᠭ᠎ᠠ ᠢᠢ ᠦᠽᠪᠧᠻᠰᠲ᠋ᠠᠨ ᠤᠯᠤᠰ ᠲᠤ ᠨᠡᠢᠢᠯᠡᠭᠦᠯᠵᠦ ᠪᠠᠢᠢᠨ᠎ᠠ᠃

ᠮᠣᠩ᠋ᠭᠤᠯ ᠤᠯᠤᠰ ᠤᠨ ᠥᠷᠭᠡᠨ ᠠᠭᠤᠳᠠᠮ ᠨᠤᠲᠤᠭ ᠳᠡᠪᠢᠰᠬᠡᠷ᠂ ᠪᠡᠯᠴᠢᠭᠡᠷ ᠦᠨ ᠮᠠᠯ ᠠᠵᠤ ᠠᠬᠤᠶ ᠢᠢᠨ ᠨᠥᠭᠡᠴᠡ ᠪᠣᠯᠤᠯᠴᠠᠭᠠᠨ ᠳᠤ ᠲᠤᠯᠭᠠᠭᠤᠷᠢᠯᠠᠨ ᠮᠠᠯ ᠠᠵᠤ ᠠᠬᠤᠶ ᠢᠢᠨ ᠰᠠᠯᠪᠤᠷᠢ ᠳᠤ ᠬᠠᠮᠲᠤᠷᠠᠭᠰᠠᠨ ᠲᠣᠮᠣᠬᠠᠨ ᠲᠥᠰᠦᠯ᠂ ᠬᠥᠲᠦᠯᠪᠦᠷᠢ ᠬᠡᠷᠡᠭᠵᠢᠭᠦᠯᠬᠦ ᠪᠡᠷ ᠰᠠᠨᠠᠯ ᠨᠢᠭᠡᠳᠦᠯ᠎ᠡ᠃

ᠪᠢᠳᠡ ᠥᠩ᠋ᠭᠡᠷᠡᠭᠰᠡᠨ ᠣᠨ ᠳᠤ «ᠠᠭᠠᠷ ᠤᠨ ᠬᠠᠷᠢᠯᠴᠠᠭᠠᠨ ᠤ ᠲᠤᠬᠠᠶ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠪᠠᠢᠢᠭᠤᠯᠵᠤ᠂ ᠠᠭᠠᠷ ᠤᠨ ᠲᠡᠭᠡᠭᠡᠪᠦᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠲᠠᠭ᠎ᠠ ᠲᠠᠢ ᠨᠥᠬᠦᠴᠡᠯ ᠪᠦᠷᠢᠳᠦᠭᠦᠯᠦᠭᠰᠡᠨ ᠨᠢ ᠦᠷ᠎ᠡ ᠥᠭ᠍ᠭᠦᠭᠡᠵᠢ ᠪᠡᠨ ᠥᠭ᠍ᠭᠦᠯ᠎ᠡ᠃

ᠮᠣᠩ᠋ᠭᠤᠯ ᠤᠨ ᠠᠭᠠᠷ ᠤᠨ ᠲᠡᠭᠡᠭᠡᠪᠦᠷᠢ ᠢᠢᠨ ᠻᠣᠮᠫᠠᠨᠢ ᠡᠨᠡ ᠣᠨ ᠤ ᠬᠣᠶᠠᠳ᠋ᠤᠭᠠᠷ ᠬᠠᠭᠠᠰ ᠠᠴᠠ ᠤᠯᠠᠭᠠᠨᠪᠠᠭᠠᠲᠤᠷ-ᠲ᠋ᠠᠱᠻᠧᠨ᠋ᠲ᠋ ᠴᠢᠭᠯᠡᠯ ᠳᠥ ᠰᠢᠭᠤᠳ ᠨᠢᠰᠦᠯᠭᠡ ᠦᠢᠯᠡᠳᠴᠦ ᠡᠬᠢᠯᠡᠬᠦ ᠪᠡᠷ ᠪᠣᠯᠤᠯ᠎ᠠ᠃

«ᠣᠯᠠᠨ ᠤᠯᠤᠰ ᠤᠨ ᠠᠦ᠋ᠲ᠋ᠣ᠋ ᠲᠡᠭᠡᠭᠡᠪᠦᠷᠢ ᠢᠢᠨ ᠬᠠᠷᠢᠯᠴᠠᠭᠠᠨ ᠤ ᠲᠤᠬᠠᠶ ᠵᠠᠰᠠᠭ ᠤᠨ ᠭᠠᠵᠠᠷ ᠬᠣᠭᠤᠷᠤᠨᠳᠤ ᠢᠢᠨ ᠬᠡᠯᠡᠯᠴᠡᠭᠡᠷ» ᠲ᠋ᠥ ᠦᠨᠳᠦᠰᠦᠯᠡᠨ ᠵᠠᠮ᠂ ᠲᠡᠭᠡᠭᠡᠪᠦᠷᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ᠂ ᠲᠡᠭᠦᠨ ᠦ ᠳᠣᠲᠤᠷ᠎ᠠ ᠲᠡᠭᠡᠭᠡᠪᠦᠷᠢ᠂ ᠯᠣᠭᠢᠰᠲ᠋ᠢᠭ ᠤᠨ ᠰᠢᠨ᠎ᠡ ᠴᠢᠭᠯᠡᠯ ᠪᠤᠢ ᠪᠣᠯᠭᠠᠬᠤ ᠪᠠᠷ ᠲᠣᠬᠢᠷᠠᠭᠰᠠᠨ ᠤ ᠳᠠᠭᠠᠭᠤ ᠲ᠋ᠠᠱᠻᠧᠨ᠋ᠲ᠋-ᠪᠧᠱᠻᠧᠻ-ᠦᠷᠦ᠋ᠮᠴᠢ-ᠤᠯᠠᠭᠠᠨᠪᠠᠭᠠᠲᠤᠷ ᠴᠢᠭᠯᠡᠯ ᠦᠨ ᠠᠦ᠋ᠲ᠋ᠣ᠋ ᠻᠣᠷᠢᠳᠣᠷ ᠨᠡᠭᠡᠭᠡᠵᠦ᠂ ᠠᠦ᠋ᠲ᠋ᠣ᠋ ᠴᠤᠪᠠᠭ᠎ᠠ ᠢᠢ ᠠᠮᠠᠵᠢᠯᠲᠠ ᠲᠠᠢ ᠡᠬᠢᠯᠡᠭᠦᠯᠦᠯ᠎ᠡ᠃

ᠮᠥᠨ ᠠᠢᠢᠯᠴᠢᠯᠠᠯ ᠤᠨ ᠬᠦᠷᠢᠶᠡᠨ ᠳᠥ «ᠮᠣᠩ᠋ᠭᠤᠯ-ᠦᠽᠪᠧᠻᠰᠲ᠋ᠠᠨ ᠤ ᠪᠢᠽᠢᠨᠧᠰ ᠹᠣᠷᠦᠢᠮ»᠂ «ᠦᠽᠪᠧᠻᠰᠲ᠋ᠠᠨ ᠳᠤ ᠦᠢᠯᠡᠳᠪᠦᠷᠢᠯᠡᠪᠡ» ᠦᠵᠡᠰᠬᠦᠯᠡᠩ᠂ ᠬᠤᠳᠠᠯᠳᠤᠭ᠎ᠠ ᠵᠣᠬᠢᠶᠠᠨ ᠪᠠᠢᠢᠭᠤᠯᠤᠭᠰᠠᠨ ᠢᠶᠠᠷ ᠬᠣᠶᠠᠷ ᠣᠷᠤᠨ ᠤ ᠪᠢᠽᠢᠨᠧᠰ ᠡᠷᠬᠢᠯᠡᠭᠴᠢ᠂ ᠪᠠᠶᠠᠯᠢᠭ ᠪᠦᠲᠦᠭᠡᠭ᠍ᠴᠢᠳ ᠦᠨ ᠬᠡᠯᠬᠢᠶ᠎ᠡ ᠬᠣᠯᠪᠤᠭ᠎ᠠ ᠤᠯᠠᠮ ᠪᠦᠷᠢ ᠪᠡᠬᠢᠵᠢᠵᠦ᠂ ᠦᠽᠪᠧᠻᠰᠲ᠋ᠠᠨ ᠤ ᠪᠠᠷᠠᠭ᠎ᠠ᠂ ᠪᠦᠲᠦᠭᠡᠭ᠍ᠳᠡᠬᠦᠨ ᠢ ᠮᠣᠩ᠋ᠭᠤᠯ ᠤᠨ ᠵᠠᠬ᠎ᠠ ᠵᠢᠭᠡᠯᠢ ᠳᠥ ᠲᠠᠨᠢᠭᠤᠯᠬᠤ ᠴᠢᠬᠤᠯᠠ ᠦᠢᠯᠡ ᠶᠠᠪᠤᠳᠠᠯ ᠪᠣᠯᠤᠯ᠎ᠠ᠃

ᠡᠨᠡ ᠢᠯᠳᠠᠮ ᠳᠤ ᠦᠽᠪᠧᠻᠰᠲ᠋ᠠᠨ ᠤᠯᠤᠰ ᠲᠤ ᠦᠢᠯᠡ ᠠᠵᠢᠯᠯᠠᠭ᠎ᠠ ᠡᠷᠬᠢᠯᠡᠵᠦ ᠪᠤᠢ ᠮᠠᠨ ᠤ ᠠᠵᠤ ᠠᠬᠤᠶ ᠢᠢᠨ ᠨᠢᠭᠡᠴᠡ᠂ ᠪᠢᠽᠢᠨᠧᠰ ᠡᠷᠬᠢᠯᠡᠭᠴᠢᠳ ᠢ ᠪᠦᠬᠦ ᠲᠠᠯ᠎ᠠ ᠪᠠᠷ ᠳᠡᠮᠵᠢᠨ᠂ ᠬᠠᠮᠲᠤᠷᠠᠨ ᠠᠵᠢᠯᠯᠠᠵᠤ ᠪᠤᠢ ᠦᠽᠪᠧᠻᠰᠲ᠋ᠠᠨ ᠤ ᠲᠠᠯ ᠠ ᠲᠤ ᠲᠠᠯᠠᠷᠬᠠᠯ ᠢᠯᠡᠷᠬᠡᠢᠢᠯᠡᠶ ᠡ᠃

ᠮᠣᠩ᠋ᠭᠤᠯ-ᠦᠽᠪᠧᠻᠰᠲ᠋ᠠᠨ ᠤ ᠠᠶᠠᠯᠠᠯ ᠵᠢᠭᠤᠯᠴᠢᠯᠠᠯ ᠤᠨ ᠹᠣᠷᠦᠢᠮ᠂ ᠹᠣᠲ᠋ᠣ‍ ᠦᠵᠡᠰᠬᠦᠯᠡᠩ᠂ ᠦᠽᠪᠧᠻ ᠦᠨᠳᠦᠰᠦᠨ ᠦ ᠬᠣᠭᠤᠯᠠᠨ ᠤ ᠡᠳᠦᠷᠯᠢᠭ ᠢ ᠠᠩᠬ᠎ᠠ ᠤᠳᠠᠭ᠎ᠠ ᠬᠠᠮᠲᠤᠷᠠᠨ ᠵᠣᠬᠢᠶᠠᠨ ᠪᠠᠢᠢᠭᠤᠯᠤᠭᠰᠠᠨ ᠨᠢ ᠤᠯᠤᠰ ᠣᠷᠤᠨ ᠢᠶᠠᠨ ᠬᠠᠷᠢᠯᠴᠠᠨ ᠲᠠᠨᠢᠭᠤᠯᠬᠤ᠂ ᠨᠡᠭᠦᠳᠡᠯᠴᠢᠨ ᠰᠣᠶᠤᠯ᠂ ᠵᠠᠩ ᠵᠠᠩᠰᠢᠯ ᠳᠤ ᠲᠤᠯᠭᠠᠭᠤᠷᠢᠯᠠᠭᠰᠠᠨ ᠠᠶᠠᠯᠠᠯ ᠵᠢᠭᠤᠯᠴᠢᠯᠠᠯ ᠢ ᠬᠥᠭ᠍ᠵᠢᠭᠦᠯᠬᠦ ᠳᠥ ᠴᠢᠬᠤᠯᠠ ᠠᠴᠢ ᠬᠣᠯᠪᠤᠭᠳᠠᠯᠲᠠᠢ ᠪᠣᠯᠤᠯ᠎ᠠ᠃

ᠤᠯᠠᠭᠠᠨᠪᠠᠭᠠᠲᠤᠷ ᠬᠣᠲᠠᠨ᠎ᠠ ᠦᠽᠪᠧᠻ ᠦᠨ ᠠᠪᠢᠶᠠᠰᠯᠢᠭ ᠤᠷᠠᠨ ᠪᠦᠲᠦᠭᠡᠯᠴᠢᠳ ᠠᠩᠬ᠎ᠠ ᠤᠳᠠᠭ᠎ᠠ ᠥᠪᠡᠷ ᠦᠨ ᠣᠷᠤᠨ ᠤ ᠰᠣᠶᠤᠯ᠂ ᠤᠷᠠᠯᠢᠭ ᠤᠨ ᠳᠡᠭᠡᠵᠢ ᠪᠣᠯᠤᠭᠰᠠᠨ ᠪᠦᠲᠦᠭᠡᠯ ᠦᠳ ᠢᠶᠡᠷ ᠮᠠᠨ ᠤ ᠠᠷᠠᠳ ᠲᠦᠮᠡᠨ ᠦ ᠰᠣᠨᠤᠷ ᠢ ᠮᠢᠯᠢᠶᠠᠵᠤ᠂ ᠰᠡᠳᠬᠢᠯ ᠳᠥ ᠬᠣᠨᠤᠭᠰᠢᠬᠤ ᠰᠠᠢᠢᠬᠠᠨ ᠳᠤᠷᠠᠰᠤᠮᠵᠢ ᠢᠢ ᠬᠠᠮᠲᠤ ᠳᠤ ᠪᠠᠨ ᠪᠦᠲᠦᠭᠡᠭ᠍ᠰᠡᠨ ᠳᠥ ᠰᠡᠳᠬᠢᠯ ᠥᠨᠳᠦᠷ ᠪᠠᠢᠢᠨ᠎ᠠ᠃

ᠠᠭᠤᠯᠠ ᠠᠭᠤᠷᠬᠠᠶ᠂ ᠡᠷᠦᠳᠡᠰᠦ ᠪᠠᠶᠠᠯᠢᠭ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠬᠠᠷᠢᠯᠴᠠᠨ ᠲᠤᠷᠰᠢᠯᠭ᠎ᠠ ᠰᠣᠯᠢᠯᠴᠠᠬᠤ᠂ ᠬᠠᠮᠲᠤᠷᠠᠭᠰᠠᠨ ᠲᠥᠰᠦᠯ᠂ ᠬᠥᠲᠦᠯᠪᠦᠷᠢ ᠨᠦᠭᠦᠳ ᠢ ᠬᠡᠷᠡᠭᠵᠢᠭᠦᠯᠬᠦ ᠦᠨᠳᠦᠰᠦ ᠰᠠᠭᠤᠷᠢ ᠢᠢ ᠲᠠᠯᠪᠢᠵᠤ᠂ «ᠠᠭᠤᠯᠠ ᠠᠭᠤᠷᠬᠠᠶ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠬᠡᠯᠡᠯᠴᠡᠭᠡᠷ» ᠪᠠᠢᠢᠭᠤᠯᠤᠯ᠎ᠠ᠃

ᠦᠽᠪᠧᠻᠰᠲ᠋ᠠᠨ ᠳᠤ ᠳᠡᠭᠡᠳᠦ ᠪᠣᠯᠪᠠᠰᠤᠷᠠᠯ ᠡᠵᠡᠮᠰᠢᠭᠰᠡᠨ ᠣᠯᠠᠨ ᠮᠣᠩ᠋ᠭᠤᠯ ᠵᠠᠯᠠᠭᠤᠰ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠭᠦᠭᠦᠷᠭᠡ ᠪᠣᠯᠵᠤ ᠢᠷᠡᠭᠰᠡᠨ ᠰᠠᠢᠢᠬᠠᠨ ᠤᠯᠠᠮᠵᠢᠯᠠᠯ ᠲᠠᠢ᠃

ᠪᠢᠳᠡ «ᠳᠡᠭᠡᠳᠦ ᠪᠣᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠶ ᠬᠡᠯᠡᠯᠴᠡᠭᠡᠷ» ᠪᠠᠢᠢᠭᠤᠯᠤᠭᠰᠠᠨ ᠨᠢ ᠡᠨᠡ ᠲᠡᠦᠬᠡᠨ ᠤᠯᠠᠮᠵᠢᠯᠠᠯ ᠢ ᠰᠡᠷᠭᠦᠭᠡᠵᠦ᠂ ᠣᠶᠤᠲᠠᠨ ᠵᠠᠯᠠᠭᠤᠰ ᠢ ᠵᠠᠰᠠᠭ ᠤᠨ ᠭᠠᠵᠠᠷ ᠤᠨ ᠲᠡᠳᠬᠦᠯᠭᠡ ᠪᠡᠷ ᠬᠠᠷᠢᠯᠴᠠᠨ ᠰᠤᠷᠭᠠᠬᠤ ᠳᠤ ᠦᠨ᠎ᠡ ᠲᠡᠢ ᠬᠤᠪᠢ ᠨᠡᠮᠡᠷᠢ ᠣᠷᠤᠭᠤᠯᠤᠨ᠎ᠠ ᠭᠡᠳᠡᠭ ᠲᠥ ᠢᠲᠡᠭᠡᠯ ᠲᠡᠢ ᠪᠠᠢᠢᠨ᠎ᠠ᠃

ᠰᠫᠣᠷᠲ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠠᠷᠪᠢᠨ ᠶᠡᠬᠡ ᠨᠥᠭᠡᠴᠡ ᠪᠣᠯᠤᠯᠴᠠᠭ᠎ᠠ ᠪᠢᠳᠡᠨ ᠳᠥ ᠪᠠᠢᠢᠨ᠎ᠠ᠃ ᠥᠰᠪᠦᠷᠢ ᠢᠢᠨ ᠪᠣᠻᠰ ᠤᠨ ᠪᠣᠯᠤᠨ ᠬᠦᠨᠳᠦ ᠢᠢᠨ ᠡᠷᠭᠦᠯᠲᠡ ᠢᠢᠨ ᠰᠢᠭᠰᠢᠭᠡ ᠪᠠᠭ᠂ ᠲᠠᠮᠢᠷᠴᠢᠳ ᠤᠨ ᠬᠠᠮᠲᠤᠷᠠᠭᠰᠠᠨ ᠨᠥᠬᠦᠷᠰᠦᠭ ᠪᠡᠯᠡᠳᠬᠡᠯ᠂ ᠰᠤᠷᠭᠠᠭᠤᠯᠢᠯᠠᠯᠲᠠ ᠬᠢᠵᠦ ᠪᠤᠢ ᠨᠢ ᠬᠠᠷᠢᠯᠴᠠᠨ ᠲᠤᠷᠰᠢᠯᠭ᠎ᠠ ᠰᠣᠯᠢᠯᠴᠠᠬᠤ᠂ ᠪᠠᠭ᠂ ᠲᠠᠮᠢᠷᠴᠢᠳ ᠤᠨ ᠲᠡᠮᠡᠴᠡᠭᠡᠨ ᠵᠣᠬᠢᠶᠠᠨ ᠪᠠᠢᠢᠭᠤᠯᠬᠤ ᠦᠨᠳᠦᠰᠦ ᠰᠠᠭᠤᠷᠢ ᠪᠣᠯᠤᠯ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠬᠠᠮᠲᠤᠷᠠᠨ ᠲᠡᠮᠡᠴᠡᠬᠦ᠂ ᠬᠦᠷᠢᠶᠡᠯᠡᠩ ᠪᠤᠢ ᠣᠷᠴᠢᠨ ᠢ ᠬᠠᠮᠠᠭᠠᠯᠠᠬᠤ ᠳᠤ ᠬᠤᠪᠢ ᠨᠡᠮᠡᠷᠢ ᠣᠷᠤᠭᠤᠯᠬᠤ ᠪᠠᠷ ᠪᠣᠯᠵᠤ᠂ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ᠂ ᠦᠽᠪᠧᠻᠰᠲ᠋ᠠᠨ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ «ᠨᠣᠭᠤᠭᠠᠨ ᠢᠷᠡᠭᠡᠳᠦᠶ» ᠲᠥᠰᠦᠯ ᠢ ᠤᠶᠠᠯᠳᠤᠭᠤᠯᠤᠨ ᠬᠡᠷᠡᠭᠵᠢᠭᠦᠯᠬᠦ ᠴᠢᠭᠯᠡᠯ ᠳᠥ ᠬᠠᠮᠲᠤᠷᠠᠬᠤ ᠪᠠᠷ ᠰᠠᠨᠠᠯ ᠨᠢᠭᠡᠳᠦᠯ᠎ᠡ᠃

ᠮᠠᠨ ᠤ ᠬᠣᠶᠠᠷ ᠤᠯᠤᠰ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠪᠠᠨ ᠤᠯᠠᠮ ᠪᠦᠷᠢ ᠪᠡᠬᠢᠵᠢᠭᠦᠯᠦᠨ ᠬᠥᠭ᠍ᠵᠢᠭᠦᠯᠬᠦ ᠪᠡᠨ ᠬᠠᠷᠢᠯᠴᠠᠨ ᠨᠤᠲᠠᠯᠠᠯ᠎ᠠ᠃

ᠮᠣᠩ᠋ᠭᠤᠯ ᠤᠯᠤᠰ ᠤᠨ ᠰᠠᠨᠠᠭᠠᠴᠢᠯᠠᠭ᠎ᠠ ᠪᠠᠷ ᠡᠭᠦᠰᠬᠡᠨ ᠪᠠᠢᠢᠭᠤᠯᠤᠭᠳᠠᠭᠰᠠᠨ «ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠪᠠᠢᠢᠭᠤᠯᠬᠤ ᠲᠤᠬᠠᠶ ᠣᠯᠠᠨ ᠲᠠᠯᠠᠲᠤ ᠬᠡᠯᠡᠯᠴᠡᠭᠡᠷ» ᠲ᠋ᠥ ᠦᠽᠪᠧᠻᠰᠲ᠋ᠠᠨ ᠤᠯᠤᠰ ᠨᠢᠭᠡᠳᠦᠨ ᠣᠷᠤᠵᠤ ᠪᠤᠢ ᠳᠤ ᠲᠠᠯᠠᠷᠬᠠᠯ ᠢᠯᠡᠷᠬᠡᠢᠢᠯᠡᠶ ᠡ᠃

ᠡᠨᠡ ᠪᠠᠢᠢᠭᠤᠯᠤᠯᠭ᠎ᠠ ᠢᠢᠨ ᠬᠦᠷᠢᠶᠡᠨ ᠳᠥ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠤᠨ ᠨᠤᠭᠤᠳ ᠲᠤᠯᠭᠠᠷᠠᠵᠤ ᠪᠤᠢ ᠰᠠᠭᠠᠳ᠂ ᠪᠡᠷᠬᠡᠰᠢᠶᠡᠯ ᠢ ᠳᠠᠪᠠᠨ ᠲᠤᠭᠤᠯᠬᠤ᠂ ᠬᠥᠭ᠍ᠵᠢᠯ ᠦᠨ ᠪᠣᠳᠤᠯᠭ᠎ᠠ ᠪᠣᠯᠪᠠᠰᠤᠷᠠᠭᠤᠯᠬᠤ᠂ ᠡᠳᠡᠭᠡᠷ ᠤᠯᠤᠰ ᠣᠷᠤᠨ ᠨᠤᠭᠤᠳ ᠤᠨ ᠪᠠᠢᠢᠷᠢ ᠰᠠᠭᠤᠷᠢ ᠢᠢ ᠨᠢᠭᠡᠳᠬᠡᠬᠦ᠂ ᠬᠠᠷᠢᠯᠴᠠᠨ ᠲᠤᠷᠰᠢᠯᠭ᠎ᠠ ᠰᠣᠯᠢᠯᠴᠠᠬᠤ ᠬᠠᠮᠲᠤ ᠢᠢᠨ ᠦᠢᠯᠡᠰ ᠲᠥ ᠦᠽᠪᠧᠻᠰᠲ᠋ᠠᠨ ᠤᠯᠤᠰ ᠲᠠᠢ ᠬᠠᠮᠲᠤᠷᠠᠨ ᠠᠵᠢᠯᠯᠠᠬᠤ ᠳᠤ ᠪᠠᠨ ᠪᠠᠶᠠᠷ ᠲᠠᠢ ᠪᠠᠢᠢᠬᠤ ᠪᠣᠯᠤᠨ᠎ᠠ᠃

ᠡᠷᠬᠢᠮ ᠬᠦᠨᠳᠦᠲᠦ ᠶᠡᠷᠦᠩᠬᠡᠢᠢᠯᠡᠭᠴᠢ ᠡ᠂

ᠲᠠᠨ ᠲᠠᠢ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠰᠢᠨ᠎ᠡ ᠠᠭᠤᠯᠭ᠎ᠠ ᠪᠠᠷ ᠪᠠᠶᠠᠵᠢᠭᠤᠯᠤᠨ ᠢᠵᠢ ᠪᠦᠷᠢᠨ ᠲᠦᠩᠰᠢᠯᠡᠯ ᠦᠨ ᠲᠥᠪᠰᠢᠨ ᠳᠥ ᠬᠦᠷᠭᠡᠵᠦ᠂ ᠬᠣᠶᠠᠷ ᠣᠷᠤᠨ ᠤ ᠬᠠᠷᠢᠯᠴᠠᠭᠠᠨ ᠤ ᠲᠡᠦᠬᠡ ᠢᠢᠨ ᠨᠢᠭᠡᠨ ᠰᠢᠨ᠎ᠡ ᠬᠠᠭᠤᠳᠠᠰᠤ ᠢᠢ ᠬᠠᠮᠲᠤ ᠳᠤ ᠪᠠᠨ ᠨᠡᠭᠡᠭᠡᠵᠦ ᠪᠤᠢ ᠳᠤ ᠪᠠᠨ ᠰᠡᠳᠬᠢᠯ ᠬᠠᠩ᠋ᠭᠠᠯᠤᠭᠤᠨ ᠪᠠᠢᠢᠨ᠎ᠠ᠃

ᠪᠢᠳᠡᠨ ᠦ ᠶᠠᠷᠢᠶ᠎ᠠ ᠬᠡᠯᠡᠯᠴᠡᠭᠡ᠂ ᠬᠠᠷᠢᠯᠴᠠᠨ ᠲᠣᠬᠢᠷᠠᠯᠴᠠᠭᠰᠠᠨ ᠠᠵᠢᠯ ᠤᠳ ᠬᠣᠶᠠᠷ ᠣᠷᠤᠨ ᠤ ᠬᠥᠭ᠍ᠵᠢᠯ ᠴᠡᠴᠡᠭᠯᠡᠯᠲᠡ᠂ ᠠᠷᠠᠳ ᠲᠦᠮᠡᠨ ᠦ ᠰᠠᠢᠢᠨ ᠰᠠᠢᠢᠬᠠᠨ ᠤ ᠲᠥᠯᠦᠭᠡ ᠪᠡᠶᠡᠯᠡᠯ ᠢᠶᠡᠨ ᠣᠯᠵᠤ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠪᠦᠷᠢ ᠥᠷᠭᠡᠵᠢᠨ ᠪᠡᠬᠢᠵᠢᠨ᠎ᠡ ᠭᠡᠳᠡᠭ ᠲᠥ ᠢᠲᠡᠭᠡᠯ ᠳᠦᠭᠦᠷᠡᠩ ᠪᠠᠢᠢᠨ᠎ᠠ᠃

ᠮᠠᠨ ᠤ ᠬᠣᠶᠠᠷ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠦᠶ᠎ᠡ ᠢᠢᠨ ᠦᠶ᠎ᠡ ᠳᠥ ᠪᠠᠲᠤᠵᠢᠨ ᠪᠡᠬᠡᠵᠢᠵᠦ᠂ ᠠᠬᠠᠨ ᠳᠡᠭᠦᠰ ᠦᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠥᠨᠢ ᠮᠥᠩᠬᠡᠳᠡ ᠴᠡᠴᠡᠭᠯᠡᠨ ᠬᠥᠭ᠍ᠵᠢᠬᠦ ᠪᠣᠯᠲᠤᠭᠠᠶ᠃

ᠥᠨᠢ ᠡᠷᠲᠡᠨ ᠦ ᠲᠡᠦᠬᠡᠲᠦ᠂ ᠡᠷᠲᠡᠨ ᠦ ᠨᠡᠭᠦᠳᠡᠯᠴᠢᠳ ᠦᠨ ᠲᠥᠷᠦᠲᠦ ᠶᠣᠰᠤᠨ ᠤ ᠭᠠᠯ ᠭᠣᠯᠤᠮᠲᠠ᠂ ᠮᠥᠩᠬᠡ ᠬᠥᠬᠡ ᠲᠩᠷᠢ ᠢᠢᠨ ᠣᠷᠤᠨ ᠮᠠᠨ ᠤ ᠰᠠᠢᠢᠬᠠᠨ ᠤᠯᠤᠰ ᠲᠤ ᠲᠠᠪᠠ ᠲᠠᠢ ᠮᠣᠷᠢᠯᠠᠬᠤ ᠢᠢ ᠬᠦᠰᠡᠶ ᠡ᠃

ᠠᠩᠬᠠᠷᠤᠯ ᠬᠠᠨᠳᠤᠭᠤᠯᠤᠭᠰᠠᠨ ᠳᠤ ᠪᠠᠶᠠᠷᠯᠠᠯ᠎ᠠ᠃

ᠡᠷᠬᠢᠮ ᠬᠦᠨᠳᠦᠲᠦ ᠬᠡᠪᠯᠡᠯ ᠮᠡᠳᠡᠭᠡᠯᠡᠯ ᠦᠨ ᠲᠥᠯᠦᠭᠡᠯᠡᠭᠴᠢᠳ ᠡ᠂

ᠡᠷᠬᠢᠮ ᠬᠦᠨᠳᠦᠲᠦ ᠬᠠᠲᠤᠭᠲᠠᠶ᠂ ᠨᠣᠶᠠᠳ ᠠ᠂

ᠪᠢᠳᠡᠨ ᠢ ᠤᠷᠢᠵᠤ᠂ ᠤᠯᠠᠭᠠᠨᠪᠠᠭᠠᠲᠤᠷ ᠬᠣᠲᠠ ᠳᠤ ᠢᠷᠡᠭᠰᠡᠨ ᠡᠬᠢᠨ ᠦ ᠮᠥᠴᠡ ᠡᠴᠡ ᠬᠠᠯᠠᠭᠤᠨ ᠳᠣᠲᠤᠨᠤ ᠪᠠᠷ ᠬᠦᠯᠢᠶᠡᠨ ᠠᠪᠤᠭᠰᠠᠨ ᠮᠣᠩ᠋ᠭᠤᠯ ᠤᠯᠤᠰ ᠤᠨ ᠶᠡᠷᠦᠩᠬᠡᠢᠢᠯᠡᠭᠴᠢ᠂ ᠮᠢᠨᠦ ᠠᠨᠳᠠ᠂ ᠡᠷᠬᠢᠮ ᠬᠦᠨᠳᠦᠲᠦ ᠨᠣᠶᠠᠨ ᠤ·ᠬᠦᠷᠡᠯᠰᠦ᠋ᠬᠡ ᠲᠠᠨ ᠳᠤ ᠴᠢᠩ ᠰᠡᠳᠬᠢᠯ ᠦᠨ ᠲᠠᠯᠠᠷᠬᠠᠯ ᠢᠶᠠᠨ ᠳᠠᠬᠢᠨ ᠢᠯᠡᠷᠬᠡᠢᠢᠯᠡᠶ ᠡ᠃

ᠡᠨᠡ ᠪᠣᠯ ᠦᠽᠪᠧᠻᠰᠲ᠋ᠠᠨ ᠤ ᠶᠡᠷᠦᠩᠬᠡᠢᠢᠯᠡᠭᠴᠢ ᠢᠢᠨ ᠲᠠᠨ ᠤ ᠤᠯᠤᠰ ᠲᠤ᠂ ᠮᠥᠩᠬᠡ ᠬᠥᠬᠡ ᠲᠩᠷᠢ ᠢᠢᠨ ᠰᠠᠢᠢᠬᠠᠨ ᠣᠷᠤᠨ ᠳᠤ ᠬᠢᠵᠦ ᠪᠤᠢ ᠠᠩᠬᠠᠨ ᠤ ᠲᠥᠷᠦ ᠢᠢᠨ ᠠᠢᠢᠯᠴᠢᠯᠠᠯ ᠭᠡᠳᠡᠭ ᠢ ᠣᠨᠴᠠᠭᠠᠢᠢᠯᠠᠨ ᠲᠡᠮᠳᠡᠭᠯᠡᠨ ᠬᠡᠯᠡᠬᠦ ᠢᠢ ᠬᠦᠰᠡᠵᠦ ᠪᠠᠢᠢᠨ᠎ᠠ᠃ ᠡᠨᠡ ᠨᠢ ᠨᠠᠢᠢᠷᠠᠮᠳᠠᠯ᠂ ᠬᠦᠨᠳᠦᠳᠬᠡᠯ᠂ ᠢᠲᠡᠭᠡᠯᠴᠡᠯ᠂ ᠬᠠᠷᠢᠯᠴᠠᠨ ᠠᠰᠢᠭᠲᠠᠢ ᠪᠠᠢᠢᠳᠠᠯ ᠳᠤ ᠰᠠᠭᠤᠷᠢᠯᠠᠭᠰᠠᠨ᠂ ᠣᠯᠠᠨ ᠲᠠᠯᠠᠲᠤ ᠬᠠᠷᠢᠯᠴᠠᠭ᠎ᠠ ᠢᠢ ᠬᠥᠭ᠍ᠵᠢᠭᠦᠯᠵᠦ᠂ ᠪᠡᠬᠢᠵᠢᠭᠦᠯᠬᠦ ᠢᠢᠨ ᠲᠥᠯᠦᠭᠡᠬᠢ ᠬᠠᠮᠲᠤ ᠢᠢᠨ ᠬᠦᠰᠡᠯ ᠡᠷᠡᠮᠡᠯᠵᠡᠯ ᠪᠡᠬᠢᠵᠢᠵᠦ ᠪᠠᠢᠢᠭ᠎ᠠ ᠢᠢ ᠭᠡᠷᠡᠴᠢᠯᠠᠵᠦ ᠪᠠᠢᠢᠨ᠎ᠠ᠃

ᠶᠠᠭᠤᠨ ᠤ ᠲᠦᠷᠦᠭᠦᠨ ᠳᠥ ᠨᠣᠶᠠᠨ ᠶᠡᠷᠦᠩᠬᠡᠢᠢᠯᠡᠭᠴᠢ ᠪᠣᠯᠤᠨ ᠨᠠᠢᠢᠷᠰᠠᠭ ᠮᠣᠩ᠋ᠭᠤᠯ ᠤᠨ ᠠᠷᠠᠳ ᠲᠦᠮᠡᠨ ᠳᠥ ᠤᠳᠠᠬᠤ ᠦᠭᠡᠢ ᠪᠣᠯᠬᠤ ᠦᠨᠳᠦᠰᠦᠨ ᠦ ᠶᠡᠬᠡ ᠪᠠᠶᠠᠷ ᠨᠠᠭᠠᠳᠤᠮ ᠤᠨ ᠮᠡᠨᠳᠦ ᠢᠢ ᠡᠷᠭᠦᠨ ᠳᠡᠪᠰᠢᠭᠦᠯᠦᠶ ᠡ᠃ ᠮᠣᠩ᠋ᠭᠤᠯ ᠠᠨᠳᠠ ᠨᠥᠬᠦᠳ ᠦᠨ ᠢᠶᠡᠨ ᠨᠡᠢᠢᠭᠡᠮ᠂ ᠡᠳ᠋ ᠦᠨ ᠵᠠᠰᠠᠭ ᠤᠨ ᠰᠢᠨᠡᠴᠢᠯᠡᠯ ᠬᠢᠬᠦ ᠴᠢᠭᠯᠡᠯ ᠢᠶᠡᠷ ᠭᠠᠢᠢᠬᠠᠯᠲᠠᠢ ᠠᠮᠵᠢᠯᠲᠠ ᠣᠯᠵᠤ ᠪᠠᠢᠢᠭ᠎ᠠ ᠳᠤ ᠨᠢ ᠴᠢᠩ ᠰᠡᠳᠬᠢᠯ ᠡᠴᠡ ᠪᠡᠨ ᠪᠠᠶᠠᠷᠯᠠᠵᠤ᠂ ᠲᠠ ᠪᠦᠭᠦᠳᠡ ᠢᠢᠨ ᠡᠩᠬᠡ ᠢᠢ ᠡᠷᠬᠢᠮᠯᠡᠭᠴᠢ ᠭᠠᠳᠠᠭᠠᠳᠤ ᠪᠣᠳᠤᠯᠭ᠎ᠠ ᠢᠢ ᠪᠦᠷᠢᠨ ᠳᠡᠮᠵᠢᠵᠦ ᠪᠠᠢᠢᠨ᠎ᠠ᠃

ᠤᠯᠠᠭᠠᠨᠪᠠᠭᠠᠲᠤᠷ ᠬᠣᠲᠠ ᠤᠷᠤᠭᠤ ᠣᠢᠢᠷᠠᠳᠬᠤ ᠲᠤᠰᠤᠮ᠂ ᠬᠣᠲᠠ ᠤᠷᠤᠭᠤ ᠣᠷᠤᠵᠤ ᠢᠷᠡᠬᠦ ᠳᠥ ᠪᠡᠨ ᠤᠯᠤᠰ ᠣᠷᠤᠨ ᠤ ᠬᠥᠭ᠍ᠵᠢᠯ ᠢ ᠬᠠᠷᠠᠭᠠᠳ ᠦᠨᠡᠬᠡᠷ ᠶᠡᠬᠡ ᠭᠠᠢᠢᠬᠠᠭᠰᠠᠨ ᠢᠢᠠᠨ ᠬᠡᠯᠡᠯᠴᠡᠭᠡᠨ ᠦ ᠦᠶ᠎ᠡ ᠪᠡᠷ ᠪᠢ ᠲᠡᠮᠳᠡᠭᠯᠡᠭᠰᠡᠨ᠃ ᠲᠠᠨ ᠤ ᠤᠯᠤᠰ ᠢᠶᠠᠨ ᠬᠥᠭ᠍ᠵᠢᠭᠦᠯᠬᠦ «ᠠᠯᠤᠰ ᠤᠨ ᠬᠠᠷᠠᠭ᠎ᠠ-2050» ᠤᠷᠲᠤ ᠬᠤᠭᠤᠴᠠᠭᠠᠨ ᠤ ᠪᠣᠳᠤᠯᠭ᠎ᠠ ᠪᠣᠳᠠᠲᠤ ᠦᠷ᠎ᠡ ᠳ᠋ᠦᠩ ᠢᠶᠡᠨ ᠥᠭᠴᠦ ᠪᠠᠢᠢᠭ᠎ᠠ ᠨᠢ ᠬᠠᠷᠠᠭᠳᠠᠵᠤ ᠪᠠᠢᠢᠨ᠎ᠠ᠃

ᠮᠣᠩ᠋ᠭᠤᠯ ᠤᠯᠤᠰ ᠤᠨ ᠡᠳ᠋ ᠦᠨ ᠵᠠᠰᠠᠭ ᠲᠣᠭᠲᠠᠮᠠᠯ ᠥᠰᠴᠦ᠂ ᠠᠵᠤ ᠦᠢᠯᠡᠳᠪᠦᠷᠢ᠂ ᠬᠥᠳᠡᠭᠡ ᠠᠵᠤ ᠠᠬᠤᠶ᠂ ᠳᠡᠳ᠋ ᠪᠦᠲᠦᠴᠡ ᠬᠥᠭ᠍ᠵᠢᠵᠦ ᠪᠠᠢᠢᠭ᠎ᠠ ᠢᠢ ᠬᠠᠷᠠᠵᠤ ᠪᠠᠢᠢᠨ᠎ᠠ᠃ ᠬᠠᠷᠠᠬᠣᠷᠤᠮ ᠬᠣᠲᠠ ᠢᠢ ᠰᠡᠷᠭᠦᠭᠡᠨ ᠪᠣᠰᠬᠠᠬᠤ ᠠᠵᠢᠯ ᠡᠬᠢᠯᠡᠭᠰᠡᠨ᠃ ᠲᠤᠭᠤᠰᠢᠲᠠᠢ᠂ ᠫᠠᠷᠠᠭᠮᠠᠲ᠋ᠢᠭ᠂ ᠢᠳᠡᠪᠬᠢᠲᠡᠢ ᠪᠣᠳᠤᠯᠭ᠎ᠠ ᠢᠢᠨ ᠠᠴᠢ ᠪᠠᠷ ᠲᠠᠨ ᠤ ᠤᠯᠤᠰ ᠤᠨ ᠣᠯᠠᠨ ᠤᠯᠤᠰ ᠳ᠋ᠠᠬᠢ ᠨᠡᠷ᠎ᠡ ᠬᠦᠨᠳᠦ ᠥᠰᠴᠦ ᠪᠠᠢᠢᠨ᠎ᠠ᠃

ᠡᠷᠬᠢᠮ ᠬᠦᠨᠳᠦᠲᠦ ᠰᠡᠳᠬᠦᠯᠴᠢᠳ ᠡ᠂

ᠮᠣᠩ᠋ᠭᠤᠯ ᠤᠯᠤᠰ ᠪᠣᠯ ᠪᠢᠳᠡᠨ ᠦ ᠤᠯᠠᠮᠵᠢᠯᠠᠯᠲᠤ᠂ ᠨᠠᠢᠢᠳᠠᠪᠤᠷᠢᠲᠠᠢ ᠲᠦᠩᠰᠢ᠃ ᠦᠽᠪᠧᠻ᠂ ᠮᠣᠩ᠋ᠭᠤᠯ ᠤᠨ ᠬᠠᠷᠢᠯᠴᠠᠭ᠎ᠠ ᠬᠡᠵᠢᠶ᠎ᠡ ᠴᠦ ᠨᠥᠬᠦᠴᠡᠯ ᠪᠠᠢᠢᠳᠠᠯ ᠠᠴᠠ ᠰᠢᠯᠲᠠᠭᠠᠯᠠᠵᠤ ᠪᠠᠢᠢᠭ᠎ᠠ ᠦᠭᠡᠢ᠃ ᠥᠨᠦᠳᠦᠷ ᠪᠢᠳᠡ «ᠢᠵᠢ ᠪᠦᠷᠢᠨ ᠲᠦᠩᠰᠢᠯᠡᠯ ᠦᠨ ᠬᠠᠷᠢᠯᠴᠠᠭ᠎ᠠ ᠲᠣᠭᠲᠠᠭᠠᠬᠤ ᠲᠤᠬᠠᠶ ᠬᠠᠮᠲᠤᠷᠠᠭᠰᠠᠨ ᠲᠤᠩᠬᠠᠭᠯᠠᠯ» ᠳ᠋ᠤ ᠭᠠᠷ ᠤᠨ ᠦᠰᠦᠭ ᠵᠢᠷᠤᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠰᠢᠨ᠎ᠡ ᠦᠶ᠎ᠡ ᠱᠠᠲᠤ ᠢᠢ ᠡᠬᠢᠯᠡᠭᠦᠯᠦᠯ᠎ᠡ᠃

ᠠᠯᠪᠠᠨ ᠶᠣᠰᠤᠨ ᠤ ᠬᠡᠯᠡᠯᠴᠡᠭᠡ ᠨᠡᠭᠡᠭᠡᠯᠲᠡᠲᠡᠢ᠂ ᠠᠵᠢᠯ ᠬᠡᠷᠡᠭᠴᠢ ᠠᠭᠤᠷ ᠠᠮᠢᠰᠬᠤᠯ ᠳᠤ ᠪᠣᠯᠵᠤ᠂ ᠬᠠᠮᠲᠤ ᠢᠢᠨ ᠠᠵᠢᠯᠯᠠᠭᠠᠨ ᠤ ᠢᠷᠡᠭᠡᠳᠦᠶ ᠲᠡᠢ ᠴᠢᠭᠯᠡᠯ ᠦᠳ ᠢ ᠨᠠᠷᠢᠪᠴᠢᠯᠠᠨ ᠬᠡᠯᠡᠯᠴᠡᠯ᠎ᠡ᠃ ᠪᠢᠳᠡ ᠨᠥᠬᠦᠴᠡᠯ ᠪᠠᠢᠢᠳᠠᠯ ᠤᠨ ᠲᠠᠯ᠎ᠠ ᠪᠠᠷ ᠰᠠᠢᠢᠲᠤᠷ ᠳ᠋ᠦᠩ ᠰᠢᠨᠵᠢᠯᠡᠭᠡ ᠬᠢᠵᠦ᠂ ᠴᠢᠨᠠᠭᠰᠢᠳᠠ ᠢᠢᠨ ᠠᠵᠢᠯ ᠤᠨ ᠲᠥᠯᠦᠪᠯᠡᠭᠡ ᠪᠡᠨ ᠲᠣᠳᠤᠷᠬᠠᠢᠢᠯᠠᠯ᠎ᠠ᠃

ᠥᠩ᠋ᠭᠡᠷᠡᠭᠰᠡᠨ ᠵᠢᠯ ᠳᠠᠱᠻᠧᠨ᠋ᠲ᠋ ᠲᠤ ᠪᠣᠯᠤᠭᠰᠠᠨ ᠠᠭᠤᠯᠵᠠᠯᠲᠠ ᠢᠢᠨ ᠳᠠᠷᠠᠭ᠎ᠠ ᠪᠦᠬᠦ ᠰᠠᠯᠪᠤᠷᠢ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠡᠷᠴᠢᠮᠵᠢᠭᠰᠡᠨ᠃ ᠬᠣᠶᠠᠳ᠋ᠤᠭᠠᠷ ᠰᠠᠷ᠎ᠠ ᠳᠤ ᠵᠠᠰᠠᠭ ᠤᠨ ᠭᠠᠵᠠᠷ ᠬᠣᠭᠤᠷᠤᠨᠳᠤ ᠢᠢᠨ ᠻᠣᠮᠢᠰᠰ ᠤᠨ ᠠᠩᠬᠠᠳᠤᠭᠠᠷ ᠬᠤᠷᠠᠯᠳᠤᠭᠠᠨ ᠠᠮᠠᠵᠢᠯᠲᠠᠲᠠᠢ ᠪᠣᠯᠤᠭᠰᠠᠨ ᠢ ᠪᠢ ᠬᠡᠯᠡᠯᠴᠡᠭᠡᠨ ᠦ ᠦᠶ᠎ᠡ ᠪᠡᠷ ᠳᠤᠷᠠᠳᠤᠯ᠎ᠠ᠃

ᠥᠨᠦᠳᠦᠷ ᠡᠷᠬᠢᠮ ᠶᠡᠷᠦᠩᠬᠡᠢᠢᠯᠡᠭᠴᠢ ᠲᠡᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ᠂ ᠱᠠᠩᠬᠠᠶ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ ᠠ ᠪᠣᠯᠤᠨ ᠪᠤᠰᠤᠳ ᠣᠯᠠᠨ ᠲᠠᠯᠠᠲᠤ ᠪᠦᠲᠦᠴᠡ ᠢᠢᠨ ᠬᠦᠷᠢᠶᠡᠨ ᠳᠥ ᠨᠢᠭ᠌ᠲᠠ ᠬᠠᠮᠲᠤᠷᠠᠵᠤ᠂ ᠬᠠᠷᠢᠯᠴᠠᠨ ᠪᠡᠶ᠎ᠡ ᠪᠡᠶ᠎ᠡ ᠪᠡᠨ ᠳᠡᠮᠵᠢᠬᠦ ᠪᠡᠷ ᠲᠣᠬᠢᠷᠠᠯᠴᠠᠯ᠎ᠠ᠃ ᠬᠡᠯᠡᠯᠴᠡᠭᠡᠨ ᠦ ᠦᠶ᠎ᠡ ᠪᠡᠷ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭᠠᠨ ᠳᠤ ᠭᠣᠣᠯᠯᠠᠨ ᠠᠩᠬᠠᠷᠤᠯ ᠠ᠃ ᠢᠷᠡᠬᠦ ᠵᠢᠯ ᠦᠳ ᠲᠥ ᠡᠷᠢᠯᠲᠡ ᠬᠡᠷᠡᠭᠴᠡᠭᠡᠲᠡᠢ ᠪᠠᠢᠢᠭ᠎ᠠ ᠪᠦᠲᠦᠭᠡᠭ᠍ᠳᠡᠬᠦᠨ ᠦ ᠨᠡᠷ᠎ᠡ ᠲᠥᠷᠦᠯ᠂ ᠨᠡᠢᠢᠯᠡᠭᠦᠯᠦᠯᠲᠡ ᠢᠢ ᠨᠡᠮᠡᠭᠳᠡᠭᠦᠯᠬᠦ ᠵᠠᠮ ᠢᠶᠠᠷ ᠬᠤᠳᠠᠯᠳᠤᠭᠠᠨ ᠤ ᠡᠷᠭᠢᠯᠲᠡ ᠢᠢ ᠬᠡᠳᠦ ᠳᠠᠬᠢᠨ ᠥᠰᠬᠡᠬᠦ ᠵᠣᠷᠢᠯᠲᠠ ᠲᠠᠯᠪᠢᠯ᠎ᠠ᠃

ᠤᠯᠠᠭᠠᠨᠪᠠᠭᠠᠲᠤᠷ ᠬᠣᠲᠠᠨ᠎ᠠ «ᠦᠽᠪᠧᠻᠰᠲ᠋ᠠᠨ ᠤ ᠬᠤᠳᠠᠯᠳᠤᠭᠠᠨ ᠤ ᠲᠥᠪ» ᠨᠡᠭᠡᠭᠡᠭ᠍ᠰᠡᠨ ᠨᠢ ᠡᠨᠡ ᠠᠵᠢᠯ ᠤᠨ ᠰᠠᠭᠤᠷᠢ ᠪᠣᠯᠤᠯ᠎ᠠ᠃ ᠠᠢᠢᠯᠴᠢᠯᠠᠯ ᠤᠨ ᠡᠮᠦᠨᠡᠬᠢᠨ ᠠᠵᠤ ᠠᠬᠤᠶ ᠢᠢᠨ ᠨᠢᠭᠡᠴᠡ ᠨᠦᠭᠦᠳ ᠪᠢᠽᠢᠨᠧᠰ ᠹᠣᠷᠦᠢᠮ ᠵᠣᠬᠢᠶᠠᠵᠤ᠂ ᠭᠡᠷ᠎ᠡ᠂ ᠬᠡᠯᠡᠯᠴᠡᠭᠡᠷ ᠪᠠᠢᠢᠭᠤᠯᠤᠯ᠎ᠠ᠃ ᠠᠵᠤ ᠠᠬᠤᠶ ᠢᠢᠨ ᠨᠢᠭᠡᠴᠡ ᠨᠦᠭᠦᠳ ᠬᠠᠮᠲᠤᠷᠠᠨ ᠠᠵᠢᠯᠯᠠᠬᠤ ᠰᠣᠨᠢᠷᠬᠠᠯ ᠤᠯᠠᠮ ᠨᠡᠮᠡᠭᠳᠡᠵᠦ ᠪᠠᠢᠢᠨ᠎ᠠ᠃ ᠲᠡᠳᠡᠨ ᠦ ᠰᠠᠨᠠᠯ᠂ ᠰᠠᠨᠠᠭᠠᠴᠢᠯᠠᠭ᠎ᠠ ᠢᠢ ᠪᠦᠬᠦ ᠲᠠᠯ᠎ᠠ ᠪᠠᠷ ᠳᠡᠮᠵᠢᠬᠦ ᠪᠣᠯᠤᠨ᠎ᠠ᠃

ᠬᠥᠩ᠋ᠭᠡᠯᠡᠯᠲᠡᠲᠡᠢ ᠬᠤᠳᠠᠯᠳᠤᠭ᠎ᠠ᠂ ᠬᠥᠷᠦᠩ᠋ᠭᠡ ᠣᠷᠤᠭᠤᠯᠤᠯᠲᠠ ᠢᠢ ᠬᠠᠷᠢᠯᠴᠠᠨ ᠬᠠᠮᠠᠭᠠᠯᠠᠬᠤ ᠲᠠᠢ ᠬᠣᠯᠪᠤᠭ᠎ᠠ ᠲᠠᠢ ᠬᠡᠯᠡᠯᠴᠡᠭᠡᠷ ᠢ ᠠᠯᠢ ᠪᠣᠯᠬᠤ ᠪᠣᠭᠤᠨᠢ ᠬᠤᠭᠤᠴᠠᠭᠠᠨ ᠳᠤ ᠪᠠᠢᠢᠭᠤᠯᠤᠬᠤ ᠪᠠᠷ ᠲᠣᠬᠢᠷᠠᠯᠴᠠᠯ᠎ᠠ᠃ ᠪᠢᠳᠡ ᠪᠡᠶ᠎ᠡ ᠪᠡᠶ᠎ᠡ ᠪᠡᠨ ᠦᠷ᠎ᠡ ᠳ᠋ᠦᠩ ᠲᠡᠢ ᠨᠥᠬᠦᠵᠦ ᠴᠢᠳᠠᠬᠤ ᠰᠠᠯᠪᠤᠷᠢ ᠨᠤᠭᠤᠳ ᠳ᠋ᠠᠬᠢ ᠬᠠᠮᠲᠤ ᠢᠢᠨ ᠠᠵᠢᠯᠯᠠᠭᠠᠨ ᠤ ᠴᠢᠭᠯᠡᠯ ᠦᠳ ᠢᠶᠡᠨ ᠲᠣᠳᠤᠷᠬᠠᠢᠢᠯᠠᠯ᠎ᠠ᠃

ᠲᠤᠬᠠᠢᠢᠯᠠᠪᠠᠯ ᠠᠰᠢᠭᠲᠤ ᠮᠠᠯᠲᠠᠮᠠᠯ ᠤᠨ ᠣᠯᠪᠤᠷᠢᠯᠠᠯᠲᠠ᠂ ᠪᠣᠯᠪᠠᠰᠤᠷᠠᠭᠤᠯᠤᠯᠲᠠ᠂ ᠬᠥᠳᠡᠭᠡ ᠠᠵᠤ ᠠᠬᠤᠶ᠂ ᠮᠠᠯ ᠠᠵᠤ ᠠᠬᠤᠶ᠂ ᠬᠥᠩ᠋ᠭᠡᠨ ᠦᠢᠯᠡᠳᠪᠦᠷᠢᠯᠡᠯ᠂ ᠨᠣᠣᠰᠤ᠂ ᠠᠷᠠᠰᠤ᠂ ᠰᠢᠷᠢ ᠪᠣᠯᠪᠠᠰᠤᠷᠠᠭᠤᠯᠬᠤ ᠲᠥᠰᠦᠯ ᠦᠳ ᠢ ᠬᠡᠯᠡᠵᠦ ᠪᠣᠯᠤᠨ᠎ᠠ᠃ ᠳᠠᠯᠠᠢ ᠳᠤ ᠭᠠᠷᠴᠠ ᠦᠭᠡᠢ ᠣᠷᠤᠨ ᠨᠤᠭᠤᠳ ᠤᠨ ᠬᠤᠪᠢ ᠳᠤ ᠪᠢᠳᠡ ᠦᠷ᠎ᠡ ᠠᠰᠢᠭ ᠲᠠᠢ ᠲᠡᠭᠡᠭᠡᠪᠦᠷᠢ ᠢᠢᠨ ᠴᠢᠭᠯᠡᠯ ᠢ ᠬᠥᠭ᠍ᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠨ᠎ᠠ᠃ ᠢᠷᠡᠬᠦ ᠨᠠᠮᠤᠷ ᠠᠴᠠ ᠬᠣᠶᠠᠷ ᠤᠯᠤᠰ ᠤᠨ ᠬᠣᠭᠤᠷᠤᠨᠳᠤ ᠰᠢᠭᠤᠳ ᠨᠢᠰᠦᠯᠭᠡ ᠦᠢᠯᠡᠳᠴᠦ ᠡᠬᠢᠯᠡᠬᠦ ᠪᠡᠷ ᠲᠥᠯᠦᠪᠯᠡᠭᠰᠡᠨ᠃

ᠡᠷᠬᠢᠮ ᠬᠦᠨᠳᠦᠲᠦ ᠰᠡᠳᠬᠦᠯᠴᠢᠳ ᠡ᠂

ᠪᠢᠳᠡ ᠰᠣᠶᠤᠯ᠂ ᠪᠣᠯᠪᠠᠰᠤᠷᠠᠯ ᠤᠨ ᠰᠠᠯᠪᠤᠷᠢ ᠳᠤ ᠢᠳᠡᠪᠬᠢᠲᠡᠢ ᠬᠠᠮᠲᠤᠷᠠᠨ ᠠᠵᠢᠯᠯᠠᠬᠤ ᠪᠠᠷ ᠲᠣᠬᠢᠷᠠᠯᠴᠠᠯ᠎ᠠ᠃ ᠬᠠᠮᠲᠤ ᠢᠢᠨ ᠠᠵᠢᠯᠯᠠᠭᠠᠨ ᠤ ᠣᠯᠠᠨ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠭᠰᠠᠨ ᠢ ᠲᠠ ᠪᠦᠬᠦᠨ ᠬᠠᠷᠠᠭᠰᠠᠨ᠃

ᠡᠨᠡ ᠡᠳᠦᠷ ᠦᠳ ᠲᠥ ᠤᠯᠠᠭᠠᠨᠪᠠᠭᠠᠲᠤᠷ ᠬᠣᠲᠠᠨ᠎ᠠ «ᠦᠽᠪᠧᠻᠰᠲ᠋ᠠᠨ ᠤ ᠰᠣᠶᠤᠯ ᠤᠨ ᠡᠳᠦᠷ ᠦᠳ»᠂ ᠠᠶᠠᠯᠠᠯ ᠵᠢᠭᠤᠯᠴᠢᠯᠠᠯ ᠤᠨ ᠦᠵᠡᠰᠬᠦᠯᠡᠩ᠂ ᠻᠣᠨ᠋ᠼᠧᠷᠲ᠂ ᠪᠠᠢᠢᠭᠤᠯᠤᠯᠭ᠎ᠠ ᠬᠣᠭᠤᠷᠤᠨᠳᠤ ᠢᠢᠨ ᠠᠭᠤᠯᠵᠠᠯᠲᠠ ᠨᠤᠭᠤᠳ ᠪᠣᠯᠵᠤ ᠪᠠᠢᠢᠨ᠎ᠠ᠃ ᠪᠢᠳᠡ ᠲᠣᠳᠤᠷᠬᠠᠶ ᠻᠸᠣᠲ ᠤᠨ ᠬᠦᠷᠢᠶᠡᠨ ᠳᠥ ᠠᠪᠢᠶᠠᠰᠯᠢᠭ ᠮᠣᠩ᠋ᠭᠤᠯ ᠵᠠᠯᠠᠭᠤᠰ ᠢ ᠦᠽᠪᠧᠻᠰᠲ᠋ᠠᠨ ᠤ ᠲᠡᠷᠢᠭᠦᠯᠡᠬᠦ ᠶᠡᠬᠡ᠂ ᠳᠡᠭᠡᠳᠦ ᠰᠤᠷᠭᠠᠭᠤᠯᠢ ᠳᠤ ᠰᠤᠷᠭᠠᠵᠤ ᠪᠠᠢᠢᠭᠰᠠᠨ ᠰᠠᠢᠢᠬᠠᠨ ᠤᠯᠠᠮᠵᠢᠯᠠᠯ ᠢ ᠰᠡᠷᠭᠦᠭᠡᠬᠦ ᠳᠥ ᠪᠡᠯᠡᠨ ᠪᠠᠢᠢᠨ᠎ᠠ᠃

ᠠᠯᠪᠠᠨ ᠶᠣᠰᠤᠨ ᠤ ᠬᠡᠯᠡᠯᠴᠡᠭᠡ ᠦᠷ᠎ᠡ ᠳ᠋ᠦᠩ ᠲᠡᠢ ᠪᠣᠯᠤᠭᠰᠠᠨ ᠳᠤ ᠰᠡᠳᠬᠢᠯ ᠬᠠᠩ᠋ᠭᠠᠯᠤᠭᠤᠨ ᠪᠠᠢᠢᠨ᠎ᠠ᠃ ᠭᠠᠷ ᠤᠨ ᠦᠰᠦᠭ ᠵᠢᠷᠤᠭᠰᠠᠨ ᠪᠠᠷᠢᠮᠲᠠ ᠪᠢᠴᠢᠭ᠌᠂ ᠭᠠᠷᠭᠠᠭᠰᠠᠨ ᠰᠢᠢᠳᠪᠦᠷᠢ ᠨᠦᠭᠦᠳ ᠢ ᠬᠡᠷᠡᠭᠵᠢᠭᠦᠯᠬᠦ ᠴᠢᠭᠯᠡᠯ ᠢᠶᠡᠷ ᠲᠣᠳᠤᠷᠬᠠᠶ ᠠᠷᠭ᠎ᠠ ᠬᠡᠮᠵᠢᠶ᠎ᠡ᠂ ᠲᠥᠰᠦᠯ ᠦᠳ ᠪᠦᠬᠦᠢ ᠵᠠᠮ ᠤᠨ ᠵᠢᠷᠤᠭ ᠪᠠᠲᠤᠯᠠᠬᠤ ᠪᠠᠷ ᠲᠣᠬᠢᠷᠠᠯᠴᠠᠯ᠎ᠠ᠃ ᠡᠭᠦᠨ ᠳᠥ ᠵᠠᠰᠠᠭ ᠤᠨ ᠭᠠᠵᠠᠷ᠂ ᠭᠠᠳᠠᠭᠠᠳᠤ ᠬᠡᠷᠡᠭ ᠦᠨ ᠶᠠᠮᠤ ᠬᠢᠨᠠᠯᠲᠠ ᠲᠠᠯᠪᠢᠬᠤ ᠪᠣᠯᠤᠨ᠎ᠠ᠃

ᠡᠴᠦᠰ ᠲᠥ ᠨᠢ ᠬᠡᠯᠡᠬᠦ ᠳᠥ᠂ ᠮᠣᠩ᠋ᠭᠤᠯ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠲᠡᠦᠬᠡᠨ ᠠᠢᠢᠯᠴᠢᠯᠠᠯ ᠪᠣᠯᠵᠤ᠂ ᠪᠢᠳᠡᠨ ᠦ ᠣᠯᠠᠨ ᠲᠠᠯᠠᠲᠤ ᠬᠠᠮᠲᠤ ᠢᠢᠨ ᠠᠵᠢᠯᠯᠠᠭ᠎ᠠ ᠢᠢ ᠡᠷᠴᠢᠮ ᠲᠡᠢ᠂ ᠬᠠᠯᠠᠭᠤᠨ ᠳᠤᠯᠠᠭᠠᠨ᠂ ᠲᠣᠳᠤᠷᠬᠠᠶ ᠠᠭᠤᠯᠭ᠎ᠠ ᠪᠠᠷ ᠳᠦᠭᠦᠷᠡᠩ ᠪᠣᠯᠤᠯ᠎ᠠ᠃

ᠮᠠᠷᠲᠠᠭᠳᠠᠰᠢ ᠦᠭᠡᠶ ᠵᠣᠴᠢᠯᠠᠮᠠᠲᠠᠭᠠᠶ᠂ ᠠᠵᠢᠯ ᠬᠡᠷᠡᠭᠴᠢ ᠠᠷᠭ᠎ᠠ ᠪᠠᠷᠢᠯ ᠲᠠᠢ᠂ ᠰᠠᠨᠠᠯ ᠰᠠᠨᠠᠭᠠᠴᠢᠯᠠᠭ᠎ᠠ ᠢᠢ ᠪᠦᠷᠢᠨ ᠳᠡᠮᠵᠢᠵᠦ ᠢᠷᠡᠭᠰᠡᠨ ᠡᠷᠬᠢᠮ ᠬᠦᠨᠳᠦᠲᠦ ᠶᠡᠷᠦᠩᠬᠡᠢᠢᠯᠡᠭᠴᠢ᠂ ᠨᠠᠢᠢᠵᠠ ᠤ·ᠬᠦᠷᠡᠯᠰᠦ᠋ᠬᠡ ᠲᠠᠨ ᠳᠤ ᠳᠠᠬᠢᠨ ᠳᠠᠬᠢᠨ ᠲᠠᠯᠠᠷᠬᠠᠯ ᠢᠯᠡᠷᠬᠡᠢᠢᠯᠡᠶ ᠡ᠃

ᠡᠨᠡ ᠵᠠᠪᠰᠢᠶᠠᠨ ᠢ ᠠᠰᠢᠭᠯᠠᠨ ᠡᠷᠬᠢᠮ ᠨᠠᠢᠢᠵᠠ ᠪᠠᠨ ᠦᠽᠪᠧᠻᠰᠲ᠋ᠠᠨ ᠤᠯᠤᠰ ᠲᠤ ᠠᠢᠢᠯᠴᠢᠯᠠᠬᠤ ᠢᠢ ᠤᠷᠢᠵᠤ ᠪᠠᠢᠢᠭ᠎ᠠ ᠪᠠᠨ ᠳᠠᠬᠢᠨ ᠬᠡᠯᠡᠶ ᠡ᠃ ᠬᠡᠪᠯᠡᠯ ᠮᠡᠳᠡᠭᠡᠯᠡᠯ ᠦᠨ ᠲᠥᠯᠦᠭᠡᠯᠡᠭᠴᠢ ᠲᠠ ᠪᠦᠬᠦᠨ ᠲᠡᠢ ᠦᠽᠪᠧᠻᠰᠲ᠋ᠠᠨ ᠳᠤ ᠠᠭᠤᠯᠵᠠᠬᠤ ᠳᠤ ᠪᠠᠨ ᠪᠠᠶᠠᠷ ᠲᠠᠢ ᠪᠠᠢᠢᠬᠤ ᠪᠣᠯᠤᠨ᠎ᠠ᠃

ᠠᠩᠬᠠᠷᠤᠯ ᠲᠠᠯᠪᠢᠭᠰᠠᠨ ᠳᠤ ᠪᠠᠶᠠᠷᠯᠠᠯ᠎ᠠ᠃