Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠭᠡᠷᠭᠡᠶ ᠯᠤ᠊·ᠪᠣᠯᠤᠷᠴᠡᠴᠡᠭ ᠪᠣᠯᠤᠨ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠂ ᠡᠷᠬᠢᠮ ᠳᠡᠭᠡᠳᠦ ᠬᠠᠲᠤᠨ ᠮᠠᠰᠠᠻᠣ ᠨᠠᠷ ᠠᠯᠪᠠᠨ ᠶᠣᠰᠤᠨ ᠤ ᠠᠭᠤᠯᠵᠠᠯᠲᠠ ᠬᠢᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠭᠡᠷᠭᠡᠶ ᠯᠤᠪᠰᠠᠩᠳᠣᠷᠵᠢ ᠢᠢᠨ ᠪᠣᠯᠤᠷᠴᠡᠴᠡᠭ᠌ ᠪᠣᠯᠤᠨ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ ᠠᠯᠪᠠᠨ ᠶᠣᠰᠤᠨ ᠤ ᠠᠭᠤᠯᠵᠠᠯᠲᠠ ᠬᠢᠯ᠎ᠡ᠃

ᠶᠡᠷᠦᠩᠬᠡᠢᠢᠯᠡᠭᠴᠢ ᠤ·ᠬᠦᠷᠡᠯᠰᠦ᠋ᠬᠡ ᠶᠠᠫᠣᠨ ᠤᠯᠤᠰ ᠠᠴᠠ ᠮᠣᠩ᠋ᠭᠤᠯ ᠤᠯᠤᠰ ᠲᠤ ᠡᠵᠡᠨ ᠬᠠᠭᠠᠨ ᠤ ᠲᠥᠪᠰᠢᠨ ᠳᠥ ᠠᠩᠬ᠎ᠠ ᠤᠳᠠᠭ᠎ᠠ ᠬᠢᠵᠦ ᠪᠤᠢ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ ᠤᠨ ᠲᠥᠷᠦ ᠢᠢᠨ ᠠᠢᠢᠯᠴᠢᠯᠠᠯ ᠨᠡᠢᠢᠲᠡᠯᠢᠭ ᠦᠨᠡᠲᠦ ᠵᠦᠢᠯᠡᠰ᠂ ᠬᠠᠷᠢᠯᠴᠠᠨ ᠢᠲᠡᠭᠡᠯᠴᠡᠯ ᠳᠥ ᠰᠠᠭᠤᠷᠢᠯᠠᠭᠰᠠᠨ ᠬᠣᠶᠠᠷ ᠤᠯᠤᠰ ᠤᠨ ᠬᠠᠷᠢᠯᠴᠠᠭᠠᠨ ᠤ ᠲᠡᠦᠬᠡᠨ ᠳᠥ ᠠᠯᠲᠠᠨ ᠦᠰᠦᠭ ᠢᠶᠡᠷ ᠪᠢᠴᠢᠭᠳᠡᠨ ᠦᠯᠡᠳᠡᠵᠦ ᠪᠠᠢᠢᠭ᠎ᠠ ᠢᠢ ᠣᠨᠴᠠᠯᠠᠨ ᠲᠡᠮᠳᠡᠭᠯᠡᠯ᠎ᠡ᠃

ᠮᠣᠩ᠋ᠭᠤᠯ ᠤᠯᠤᠰ᠂ ᠶᠠᠫᠣᠨ ᠤᠯᠤᠰ ᠤᠨ «ᠬᠦᠮᠦᠨ ᠲᠥᠪ ᠲᠡᠢ» «ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠶ ᠰᠲ᠋ᠷᠠᠲ᠋ᠧᠭᠢ ᠢᠢᠨ ᠲᠦᠩᠰᠢᠯᠡᠯ» ᠢ ᠭᠦᠨᠵᠡᠭᠡᠢᠢᠷᠡᠭᠦᠯᠵᠦ᠂ ᠠᠷᠠᠳ ᠢᠷᠭᠡᠳ ᠬᠣᠭᠤᠷᠤᠨᠳᠤ ᠢᠢᠨ ᠭᠠᠩ ᠪᠠᠲᠤ ᠨᠠᠢᠢᠷᠠᠮᠳᠠᠯ᠂ ᠨᠥᠬᠦᠷᠯᠡᠯ ᠢ ᠪᠠᠲᠤᠵᠢᠭᠤᠯᠤᠨ ᠪᠡᠬᠢᠵᠢᠭᠦᠯᠬᠦ ᠳᠥ ᠨᠡᠩ ᠴᠢᠬᠤᠯᠠ ᠠᠴᠢ ᠬᠣᠯᠪᠤᠭᠳᠠᠯᠲᠠᠢ ᠭᠡᠳᠡᠭ ᠲᠥ ᠢᠲᠡᠭᠡᠯ ᠲᠡᠭᠦᠰ ᠪᠠᠢᠢᠭ᠎ᠠ ᠪᠠᠨ ᠢᠯᠡᠷᠬᠡᠢᠢᠯᠡᠯ᠎ᠡ᠃

ᠮᠣᠩ᠋ᠭᠤᠯ ᠤᠯᠤᠰ ᠳ᠋ᠠᠬᠢ ᠠᠷᠠᠳᠴᠢᠯᠠᠯ ᠢ ᠪᠠᠲᠤᠯᠠᠭᠠᠵᠢᠭᠤᠯᠵᠤ᠂ ᠨᠡᠢᠢᠭᠡᠮ᠂ ᠡᠳ᠋ ᠦᠨ ᠵᠠᠰᠠᠭ ᠤᠨ ᠲᠣᠭᠲᠠᠪᠤᠷᠢᠲᠠᠢ ᠬᠥᠭ᠍ᠵᠢᠯ ᠢ ᠳᠡᠮᠵᠢᠬᠦ᠂ ᠬᠦᠮᠦᠨ ᠦ ᠨᠥᠭᠡᠴᠡ ᠢᠢ ᠪᠡᠬᠢᠵᠢᠭᠦᠯᠬᠦ ᠳᠥ ᠶᠠᠫᠣᠨ ᠤᠯᠤᠰ᠂ ᠶᠠᠫᠣᠨ ᠤ ᠠᠷᠠᠳ ᠢᠷᠭᠡᠳ ᠬᠠᠯᠠᠭᠤᠨ ᠳᠣᠲᠤᠨᠤ᠂ ᠰᠡᠳᠬᠢᠯ ᠰᠢᠩ᠋ᠭᠡᠭ᠍ᠰᠡᠨ ᠲᠤᠭᠤᠰᠢᠲᠠᠢ ᠳᠡᠮᠵᠢᠯᠭᠡ ᠦᠵᠡᠭᠦᠯᠵᠦ ᠢᠷᠡᠭᠰᠡᠨ ᠢ ᠮᠣᠩ᠋ᠭᠤᠯ ᠤᠨ ᠲᠥᠷᠦ᠂ ᠵᠠᠰᠠᠭ ᠤᠨ ᠭᠠᠵᠠᠷ᠂ ᠠᠷᠠᠳ ᠲᠦᠮᠡᠨ ᠥᠨᠳᠦᠷ ᠢᠶᠡᠷ ᠦᠨᠡᠯᠡᠵᠦ᠂ ᠲᠠᠯᠠᠷᠬᠠᠵᠤ ᠪᠠᠢᠢᠳᠠᠭ ᠢ ᠣᠨᠴᠠᠯᠠᠪᠠ᠃

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ ᠲᠥᠷᠦ ᠢᠢᠨ ᠠᠢᠢᠯᠴᠢᠯᠠᠯ ᠤᠨ ᠢᠶᠠᠨ ᠬᠦᠷᠢᠶᠡᠨ ᠳᠥ ᠬᠦᠮᠦᠨ ᠲᠥᠷᠦᠯᠬᠢᠲᠡᠨ ᠦ ᠰᠣᠶᠤᠯ ᠤᠨ ᠥᠪ᠂ ᠮᠣᠩ᠋ᠭᠤᠯ ᠲᠦᠮᠡᠨ ᠦ ᠡᠪ ᠨᠢᠭᠡᠳᠦᠯ᠂ ᠲᠤᠰᠠᠭᠠᠷ ᠲᠣᠭᠲᠠᠨᠢᠯ ᠤᠨ ᠪᠡᠯᠭᠡᠳᠡᠯ ᠪᠣᠯᠤᠭᠰᠠᠨ ᠦᠨᠳᠦᠰᠦᠨ ᠦ ᠶᠡᠬᠡ ᠪᠠᠶᠠᠷ ᠨᠠᠭᠠᠳᠤᠮ ᠳᠤ ᠬᠦᠨᠳᠦᠲᠦ ᠵᠣᠴᠢᠳ ᠤᠨ ᠬᠤᠪᠢ ᠪᠠᠷ ᠣᠷᠤᠯᠴᠠᠵᠤ ᠪᠤᠢ ᠢᠢ ᠠᠷᠠᠳ ᠢᠷᠭᠡᠳ ᠲᠠᠯᠠᠷᠬᠠᠯ ᠲᠠᠢ ᠬᠦᠯᠢᠶᠡᠨ ᠠᠪᠴᠤ ᠪᠤᠢ ᠢᠢ ᠲᠡᠮᠳᠡᠭᠯᠡᠪᠡ᠃

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ ᠡᠯᠢᠭᠡᠮᠰᠦᠭ ᠢᠶᠡᠷ ᠬᠦᠯᠢᠶᠡᠨ ᠠᠪᠴᠤ ᠪᠤᠢ ᠮᠣᠩ᠋ᠭᠤᠯ ᠤᠯᠤᠰ ᠤᠨ ᠲᠥᠷᠦ᠂ ᠵᠠᠰᠠᠭ᠂ ᠠᠷᠠᠳ ᠢᠷᠭᠡᠳ ᠲᠥ ᠴᠢᠩ ᠰᠡᠳᠬᠢᠯ ᠦᠨ ᠲᠠᠯᠠᠷᠬᠠᠯ ᠢᠯᠡᠷᠬᠡᠢᠢᠯᠡᠯ᠎ᠡ᠃

ᠤᠭᠰᠠᠭ᠎ᠠ ᠵᠠᠯᠭᠠᠮᠵᠢᠯᠠᠭᠴᠢ ᠬᠤᠩᠲᠠᠢᠢᠵᠢ ᠪᠠᠢᠢᠬᠤ ᠳᠤ ᠪᠠᠨ ᠪᠤᠶᠤ 2007 ᠣᠨ ᠳᠤ ᠮᠣᠩ᠋ᠭᠤᠯ ᠤᠯᠤᠰ ᠲᠤ ᠠᠢᠢᠯᠴᠢᠯᠠᠬᠤ ᠦᠶ᠎ᠡ ᠪᠡᠷ ᠮᠥᠨ ᠬᠠᠯᠠᠭᠤᠨ ᠳᠣᠲᠤᠨᠤ ᠬᠦᠯᠢᠶᠡᠨ ᠠᠪᠴᠤ ᠪᠠᠢᠢᠭᠰᠠᠨ ᠢ ᠲᠠᠯᠠᠷᠬᠠᠨ ᠳᠤᠷᠠᠰᠤᠯ᠎ᠠ᠃ ᠡᠨᠡ ᠤᠳᠠᠭ᠎ᠠ ᠡᠷᠬᠢᠮ ᠳᠡᠭᠡᠳᠦ ᠬᠠᠲᠤᠨ ᠮᠠᠰᠠᠻᠣ ᠢᠢᠨ ᠬᠠᠮᠲᠤ ᠲᠥᠷᠦ ᠢᠢᠨ ᠠᠢᠢᠯᠴᠢᠯᠠᠯ ᠬᠢᠵᠦ᠂ ᠮᠣᠩ᠋ᠭᠤᠯ ᠤᠨ ᠦᠵᠡᠰᠬᠦᠯᠡᠩᠲᠦ ᠪᠠᠢᠢᠭᠠᠯᠢ᠂ ᠲᠡᠦᠬᠡ᠂ ᠰᠣᠶᠤᠯ᠂ ᠵᠠᠩ ᠵᠠᠩᠰᠢᠯ ᠲᠠᠢ ᠢᠯᠡᠭᠦᠦ ᠣᠢᠢᠷ᠎ᠠ ᠲᠠᠨᠢᠯᠴᠠᠵᠤ ᠪᠠᠢᠢᠭ᠎ᠠ ᠳᠤ ᠪᠠᠨ ᠪᠠᠶᠠᠷ ᠲᠠᠢ ᠪᠤᠢ ᠪᠠᠨ ᠢᠯᠡᠷᠬᠡᠢᠢᠯᠡᠯ᠎ᠡ᠃

ᠲᠠᠯ᠎ᠠ ᠨᠤᠭᠤᠳ ᠮᠣᠩ᠋ᠭᠤᠯ ᠤᠯᠤᠰ᠂ ᠶᠠᠫᠣᠨ ᠤᠯᠤᠰ ᠤᠨ ᠲᠤᠰᠬᠠᠶ ᠰᠲ᠋ᠷᠠᠲ᠋ᠧᠭᠢ ᠢᠢᠨ ᠲᠦᠩᠰᠢᠯᠡᠯ ᠦᠨ 10 ᠵᠢᠯ ᠦᠨ ᠵᠠᠮ ᠤᠨ ᠵᠢᠷᠤᠭᠯᠠᠯ ᠪᠣᠯᠤᠭᠰᠠᠨ «ᠦᠢᠯᠡ ᠠᠵᠢᠯᠯᠠᠭᠠᠨ ᠤ ᠬᠥᠲᠦᠯᠪᠦᠷᠢ» ᠦᠨ ᠬᠡᠷᠡᠭᠵᠢᠯᠲᠡ ᠳᠥ ᠰᠡᠳᠬᠢᠯ ᠬᠠᠩ᠋ᠭᠠᠯᠤᠭᠤᠨ ᠪᠠᠢᠢᠭ᠎ᠠ ᠪᠠᠨ ᠢᠯᠡᠷᠬᠡᠢᠢᠯᠡᠵᠦ᠂ ᠬᠣᠶᠠᠷ ᠤᠯᠤᠰ ᠤᠨ «ᠬᠦᠮᠦᠨ ᠲᠥᠪ ᠲᠡᠢ» ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦᠢ ᠯᠠ ᠴᠢᠭᠯᠡᠯ ᠳᠥ ᠥᠷᠭᠡᠵᠢᠭᠦᠯᠦᠨ ᠬᠥᠭ᠍ᠵᠢᠭᠦᠯᠬᠦ᠂ ᠲᠡᠭᠦᠨ ᠦ ᠳᠣᠲᠤᠷ᠎ᠠ ᠬᠡᠦᠬᠡᠳ᠂ ᠵᠠᠯᠠᠭᠤᠴᠤᠳ ᠤᠨ ᠠᠨᠳᠠᠯᠠᠯ᠂ ᠨᠥᠬᠦᠷᠯᠡᠯ ᠢ ᠭᠦᠨᠵᠡᠭᠡᠢᠢᠷᠡᠭᠦᠯᠬᠦ ᠨᠢ ᠴᠢᠬᠤᠯᠠ ᠠᠴᠢ ᠬᠣᠯᠪᠤᠭᠳᠠᠯᠲᠠᠢ ᠭᠡᠳᠡᠭ ᠲᠥ ᠰᠠᠨᠠᠯ ᠨᠢᠭᠡᠳᠦᠯ᠎ᠡ᠃

ᠶᠡᠷᠦᠩᠬᠡᠢᠢᠯᠡᠭᠴᠢ ᠤ·ᠬᠦᠷᠡᠯᠰᠦ᠋ᠬᠡ ᠳᠣᠲᠤᠨᠤ ᠲᠦᠩᠰᠢ ᠶᠠᠫᠣᠨ ᠤᠯᠤᠰ ᠲᠠᠢ ᠬᠠᠮᠲᠤ ᠳᠡᠯᠡᠬᠡᠶ ᠨᠡᠢᠢᠲᠡ ᠢᠢᠨ ᠡᠮᠦᠨ᠎ᠡ ᠲᠤᠯᠭᠠᠮᠳᠠᠵᠤ ᠪᠤᠢ ᠠᠰᠠᠭᠤᠳᠠᠯ ᠤᠳ ᠢ ᠰᠢᠢᠳᠪᠦᠷᠢᠯᠡᠬᠦ᠂ ᠬᠦᠮᠦᠨ ᠲᠥᠷᠦᠯᠬᠢᠲᠡᠨ ᠦ ᠠᠮᠤᠷ ᠠᠮᠤᠭᠤᠯᠠᠩ᠂ ᠪᠦᠰᠡ ᠨᠤᠲᠤᠭ᠂ ᠳᠠᠶᠠᠩ ᠳᠡᠯᠡᠬᠡᠶ ᠢᠢᠨ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠳᠥ ᠬᠤᠪᠢ ᠨᠡᠮᠡᠷᠢ ᠪᠡᠨ ᠣᠷᠤᠭᠤᠯᠬᠤ ᠢᠢᠨ ᠲᠥᠯᠦᠭᠡ ᠪᠤᠢ ᠪᠠᠨ ᠨᠤᠲᠠᠯᠠᠯ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ ᠴᠢᠭᠯᠡᠯ ᠢᠶᠡᠷ ᠮᠣᠩ᠋ᠭᠤᠯ ᠤᠯᠤᠰ ᠲᠤ ᠬᠡᠷᠡᠭᠵᠢᠭᠦᠯᠵᠦ ᠪᠤᠢ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠢ ᠶᠠᠫᠣᠨ ᠤᠯᠤᠰ᠂ ᠶᠠᠫᠣᠨ ᠤ ᠠᠷᠠᠳ ᠢᠷᠭᠡᠳ ᠲᠤᠭᠤᠰᠢᠲᠠᠢ ᠳᠡᠮᠵᠢᠨ᠂ ᠬᠡᠦᠬᠡᠳ᠂ ᠵᠠᠯᠠᠭᠤᠴᠤᠳ ᠢ ᠶᠠᠫᠣᠨ ᠳᠤ ᠰᠤᠷᠭᠠᠬᠤ ᠵᠡᠷᠭᠡ ᠪᠡᠷ ᠬᠤᠪᠢ ᠨᠡᠮᠡᠷᠢ ᠣᠷᠤᠭᠤᠯᠵᠤ ᠪᠤᠢ ᠳᠤ ᠲᠠᠯᠠᠷᠬᠠᠯ ᠢᠯᠡᠷᠬᠡᠢᠢᠯᠡᠪᠡ᠃

ᠶᠡᠷᠦᠩᠬᠡᠢᠢᠯᠡᠭᠴᠢ ᠤ·ᠬᠦᠷᠡᠯᠰᠦ᠋ᠬᠡ᠂ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠨᠠᠷ ᠳᠡᠯᠡᠬᠡᠶ ᠶᠢᠷᠲᠢᠨᠴᠦ᠂ ᠪᠠᠢᠢᠭᠠᠯᠢ ᠣᠷᠴᠢᠨ᠂ ᠢᠯᠠᠩ᠋ᠭᠤᠶ᠎ᠠ ᠴᠢᠨᠳᠠᠮᠠᠨᠢ ᠡᠷᠳᠡᠨᠢ ᠪᠣᠯᠬᠤ ᠤᠰᠤ ᠢᠢ ᠬᠠᠢᠢᠷᠠᠯᠠᠨ ᠬᠠᠮᠠᠭᠠᠯᠠᠵᠤ᠂ ᠦᠷ᠎ᠡ ᠰᠢᠮ᠎ᠡ ᠢᠢ ᠨᠢ ᠵᠦᠢ ᠵᠣᠬᠢᠰ ᠲᠠᠢ ᠬᠦᠷᠲᠡᠬᠦ ᠨᠢ ᠴᠢᠬᠤᠯᠠ ᠭᠡᠳᠡᠭ ᠲᠥ ᠰᠠᠨᠠᠯ ᠨᠡᠢᠢᠯᠡᠯ᠎ᠡ᠃ ᠡᠨᠡ ᠴᠢᠭᠯᠡᠯ ᠢᠶᠡᠷ ᠬᠢ ᠠᠯᠢᠪᠠ ᠦᠢᠯᠡ ᠠᠵᠢᠯᠯᠠᠭ᠎ᠠ᠂ ᠲᠡᠭᠦᠨ ᠦ ᠳᠣᠲᠤᠷ᠎ᠠ ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠤᠢ ᠴᠡᠩ᠋ᠭᠡᠭ ᠤᠰᠤ ᠪᠠᠨ ᠬᠠᠮᠠᠭᠠᠯᠠᠬᠤ «ᠴᠡᠩᠬᠡᠷ ᠠᠯᠲᠠ» ᠦᠨᠳᠦᠰᠦᠨ ᠦ ᠬᠥᠳᠡᠯᠭᠡᠭᠡᠨ ᠦ ᠠᠴᠢ ᠬᠣᠯᠪᠤᠭᠳᠠᠯ᠂ ᠭᠠᠷᠬᠤ ᠦᠷ᠎ᠡ ᠳ᠋ᠦᠩ ᠢ ᠣᠨᠴᠠᠯᠠᠯ᠎ᠠ᠃

2026 ᠣᠨ ᠳᠤ ᠤᠯᠠᠭᠠᠨᠪᠠᠭᠠᠲᠤᠷ ᠬᠣᠲᠠᠨ᠎ᠠ ᠵᠣᠬᠢᠶᠠᠨ ᠪᠠᠢᠢᠭᠤᠯᠬᠤ ᠨᠢ᠊᠂ ᠦ᠊᠂ ᠪᠠᠢᠢᠭᠤᠯᠤᠯᠭ᠎ᠠ ᠢᠢᠨ ᠴᠥᠯᠵᠢᠯᠲᠡ ᠲᠡᠢ ᠲᠡᠮᠡᠴᠡᠬᠦ ᠲᠤᠬᠠᠶ ᠻᠣᠨ᠋ᠸᠧᠨ᠋ᠼᠢ ᠢᠢᠨ ᠲᠠᠯ᠎ᠠ ᠨᠤᠭᠤᠳ ᠤᠨ 17 ᠳ᠋ᠤᠭᠠᠷ ᠪᠠᠭ᠎ᠠ ᠬᠤᠷᠠᠯ (COP17) ᠳ᠋ᠤ ᠶᠠᠫᠣᠨ ᠤᠯᠤᠰ ᠠᠴᠠ ᠳᠡᠭᠡᠳᠦ᠂ ᠥᠨᠳᠦᠷ ᠲᠥᠪᠰᠢᠨ ᠦ ᠲᠥᠯᠦᠭᠡᠯᠡᠯ ᠣᠷᠤᠯᠴᠠᠨ᠎ᠠ ᠭᠡᠳᠡᠭ ᠲᠥ ᠢᠲᠡᠭᠡᠯ ᠲᠡᠢ ᠪᠤᠢ ᠪᠠᠨ ᠢᠯᠡᠷᠬᠡᠢᠢᠯᠡᠪᠡ᠃

«ᠣᠰᠠᠻᠠ-ᠻᠠᠨ᠋ᠰᠠᠶ ᠡᠻᠰᠫᠣ-2025» ᠦᠵᠡᠰᠬᠦᠯᠡᠩ ᠳᠥ ᠮᠣᠩ᠋ᠭᠤᠯ ᠤᠯᠤᠰ ᠤᠨ ᠲᠥᠷᠦ᠂ ᠵᠠᠰᠠᠭ ᠥᠨᠳᠦᠷ ᠠᠴᠢ ᠬᠣᠯᠪᠤᠭᠳᠠᠯ ᠥᠭᠴᠦ ᠪᠤᠢ ᠢᠢ ᠲᠡᠮᠳᠡᠭᠯᠡᠵᠦ᠂ ᠤᠭ ᠦᠵᠡᠰᠬᠦᠯᠡᠩ ᠪᠣᠯᠤᠨ 2025 ᠣᠨ ᠤ 07 ᠳ᠋ᠤᠭᠠᠷ ᠰᠠᠷ᠎ᠠ ᠢᠢᠨ 27 ᠤ ᠡᠳᠦᠷ ᠣᠰᠠᠻᠠ ᠬᠣᠲᠠᠨ᠎ᠠ ᠪᠣᠯᠬᠤ ᠮᠣᠩ᠋ᠭᠤᠯ ᠤᠯᠤᠰ ᠤᠨ «ᠦᠨᠳᠦᠰᠦᠨ ᠦ ᠡᠳᠦᠷᠯᠢᠭ» ᠢᠢᠡᠷ ᠳᠠᠮᠵᠢᠭᠤᠯᠤᠨ ᠶᠠᠫᠣᠨ᠂ ᠮᠣᠩ᠋ᠭᠤᠯ ᠢᠷᠭᠡᠳ ᠬᠠᠷᠢᠯᠴᠠᠨ ᠣᠢᠢᠯᠠᠭᠠᠯᠴᠠᠯ ᠢᠶᠠᠨ ᠤᠯᠠᠮ ᠪᠦᠷᠢ ᠭᠦᠨᠵᠡᠭᠡᠢᠢᠷᠡᠭᠦᠯᠦᠨ᠎ᠡ ᠭᠡᠳᠡᠭ ᠲᠥ ᠢᠲᠡᠭᠡᠯ ᠲᠡᠢ ᠪᠤᠢ ᠪᠠᠨ ᠲᠡᠮᠳᠡᠭᠯᠡᠪᠡ᠃

ᠶᠡᠷᠦᠩᠬᠡᠢᠢᠯᠡᠭᠴᠢ ᠤ·ᠬᠦᠷᠡᠯᠰᠦ᠋ᠬᠡ᠂ ᠭᠡᠷᠭᠡᠶ ᠯᠤ᠊·ᠪᠣᠯᠤᠷᠴᠡᠴᠡᠭ᠌᠂ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ 2019 ᠣᠨ ᠳᠤ «ᠶᠠᠫᠣᠨ ᠤᠯᠤᠰ ᠤᠨ ᠡᠵᠡᠨ ᠬᠠᠭᠠᠨ ᠤ ᠰᠡᠩᠲᠡᠢ ᠳᠥ ᠵᠠᠯᠠᠷᠠᠭᠰᠠᠨ ᠢ ᠲᠤᠩᠬᠠᠭᠯᠠᠬᠤ ᠲᠥᠷᠦ ᠢᠢᠨ ᠶᠣᠰᠤᠯᠠᠯ»᠂ 2022 ᠣᠨ ᠳᠤ ᠲᠣᠬᠢᠶᠠᠭᠰᠠᠨ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢᠨ ᠬᠦᠷᠢᠶᠡᠨ ᠳᠥ ᠶᠡᠷᠦᠩᠬᠡᠢᠢᠯᠡᠭᠴᠢ ᠤ·ᠬᠦᠷᠡᠯᠰᠦ᠋ᠬᠡ ᠢᠢᠨ ᠶᠠᠫᠣᠨ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠤᠨ ᠦᠶ᠎ᠡ ᠪᠡᠷ ᠠᠭᠤᠯᠵᠠᠨ᠂ ᠬᠠᠯᠠᠭᠤᠨ ᠳᠣᠲᠤᠨᠤ ᠶᠠᠷᠢᠶ᠎ᠠ ᠥᠷᠨᠢᠭᠦᠯᠵᠦ ᠪᠠᠢᠢᠭᠰᠠᠨ ᠳᠤᠷᠠᠰᠤᠮᠵᠢ ᠪᠠᠨ ᠬᠤᠪᠢᠶᠠᠯᠴᠠᠯ᠎ᠠ᠃