Та "Internet explorer"-ийн сүүлийн хувилбар болох "Microsoft edge"-г ашиглана уу

Хэрэв "Microsoft edge"-г татах бол энд дарж татаж авна уу

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠂ ᠡᠷᠬᠢᠮ ᠳᠡᠭᠡᠳᠦ ᠬᠠᠲᠤᠨ ᠮᠠᠰᠠᠻᠣ ᠨᠠᠷ «ᠶᠠᠫᠣᠨ ᠢᠷᠭᠡᠳ ᠦᠨ ᠳᠤᠷᠠᠰᠬᠠᠯ ᠤᠨ ᠴᠣᠭᠴᠠᠯᠠᠪᠤᠷᠢ» ᠳᠤ ᠬᠦᠨᠳᠦᠳᠬᠡᠯ ᠦᠵᠡᠭᠦᠯᠦᠯ᠎ᠡ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠢᠢᠨ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ ᠳᠠᠮᠪᠠᠳᠠᠷᠵᠠᠶ ᠳ᠋ᠠᠬᠢ «ᠶᠠᠫᠣᠨ ᠢᠷᠭᠡᠳ ᠦᠨ ᠳᠤᠷᠠᠰᠬᠠᠯ ᠤᠨ ᠴᠣᠭᠴᠠᠯᠠᠪᠤᠷᠢ» ᠳᠤ ᠵᠣᠴᠢᠯᠠᠨ᠂ ᠭᠡᠷᠡᠯᠲᠦ ᠬᠥᠰᠢᠶᠡᠨ ᠳᠥ ᠴᠡᠴᠡᠭ ᠡᠷᠭᠦᠵᠦ᠂ ᠬᠦᠨᠳᠦᠳᠬᠡᠯ ᠦᠵᠡᠭᠦᠯᠦᠯ᠎ᠡ᠃

ᠬᠦᠨᠳᠦᠲᠦ ᠵᠣᠴᠢᠳ ᠢ ᠮᠣᠩ᠋ᠭᠤᠯ ᠤᠨ ᠤᠯᠠᠭᠠᠨ ᠵᠠᠭᠠᠯᠮᠠᠶ ᠨᠡᠢᠢᠭᠡᠮᠯᠢᠭ᠌ (ᠮᠣ᠊᠂ ᠤ᠊᠂ ᠵᠠ᠊᠂ ᠨᠡᠢᠢ᠊᠂) ᠤᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠨ·ᠪᠣᠯᠤᠷᠮ᠎ᠠ᠂ ᠣᠷᠤᠯᠠᠭᠴᠢ ᠲ᠋·ᠪᠠᠶᠠᠷᠴᠢᠮᠡᠭ᠌ ᠨᠠᠷ ᠤᠭᠲᠤᠨ ᠠᠪᠴᠤ᠂ ᠴᠣᠭᠴᠠᠯᠠᠪᠤᠷᠢ ᠪᠣᠯᠤᠨ ᠮᠧᠨᠧᠵᠮᠧᠨ᠋ᠲ ᠦᠨ ᠲᠠᠯ᠎ᠠ ᠪᠠᠷ ᠲᠠᠨᠢᠯᠴᠠᠭᠤᠯᠤᠯ᠎ᠠ᠃

ᠴᠣᠭᠴᠠᠯᠠᠪᠤᠷᠢ ᠢᠢ 2001 ᠣᠨ ᠤ 10 ᠳ᠋ᠤᠭᠠᠷ ᠰᠠᠷ᠎ᠠ ᠳᠤ ᠨᠡᠢᠢᠭᠡᠮ ᠦᠨ ᠬᠠᠮᠠᠭᠠᠯᠠᠯ᠂ ᠬᠥᠳᠡᠯᠮᠦᠷᠢ ᠢᠢᠨ ᠶᠠᠮᠤᠨ᠂ ᠨᠡᠢᠢᠰᠯᠡᠯ ᠬᠣᠲᠠ᠂ ᠮᠣᠩ᠋ᠭᠤᠯ ᠤᠨ ᠤᠯᠠᠭᠠᠨ ᠵᠠᠭᠠᠯᠮᠠᠶ ᠢᠢᠨ ᠨᠡᠢᠢᠭᠡᠮᠯᠢᠭ᠌᠂ ᠶᠠᠫᠣᠨ ᠤ ᠡᠷᠡᠭᠦᠯ ᠮᠡᠨᠳᠦ᠂ ᠬᠥᠳᠡᠯᠮᠦᠷᠢ᠂ ᠨᠡᠢᠢᠭᠡᠮ ᠦᠨ ᠬᠠᠮᠠᠭᠠᠯᠠᠯ ᠤᠨ ᠶᠠᠮᠤᠨ ᠬᠠᠮᠲᠤᠷᠠᠨ ᠪᠠᠢᠢᠭᠤᠯᠤᠭᠰᠠᠨ ᠶᠤᠮ᠃

ᠳᠡᠯᠡᠬᠡᠶ ᠢᠢᠨ II ᠳᠠᠢᠢᠨ ᠤ ᠳᠠᠷᠠᠭ᠎ᠠ ᠶᠠᠫᠣᠨ ᠤ 14.000 ᠭᠠᠷᠤᠶ ᠣᠯᠵᠠᠯᠠᠭᠳᠠᠭᠰᠠᠨ ᠢᠷᠭᠡᠨ ᠢ ᠰᠢᠪᠢᠷ ᠡᠴᠡ ᠠᠪᠴᠢᠷᠠᠵᠤ᠂ ᠵᠠᠰᠠᠭ ᠤᠨ ᠭᠠᠵᠠᠷ ᠤᠨ ᠣᠷᠳᠤᠨ ᠤ ᠰᠠᠭᠤᠷᠢ᠂ ᠳᠠᠭᠤᠷᠢ ᠢᠢᠨ ᠲᠢᠶᠠᠲ᠋ᠷ᠂ ᠭᠠᠳᠠᠭᠠᠳᠤ ᠶᠠᠪᠤᠳᠠᠯ ᠤᠨ ᠶᠠᠮᠤᠨ ᠤ ᠪᠠᠷᠢᠯᠭ᠎ᠠ ᠪᠣᠯᠤᠨ 23 ᠠᠢᠢᠯ ᠤᠨ ᠣᠷᠤᠨ ᠰᠠᠭᠤᠴᠠ᠂ «ᠡᠯᠳᠡᠪᠸᠴᠢᠷ» ᠻᠢᠨᠣ᠋ ᠲᠢᠶᠠᠲ᠋ᠷ᠂ ᠤᠯᠤᠰ ᠤᠨ ᠲᠥᠪ ᠨᠣᠮ ᠤᠨ ᠰᠠᠩ᠂ ᠨᠠᠮ ᠤᠨ ᠲᠥᠪ ᠬᠣᠷᠢᠶᠠᠨ ᠤ 12 ᠠᠢᠢᠯ ᠤᠨ ᠣᠷᠤᠨ ᠰᠠᠭᠤᠴᠠ᠂ ᠨᠠᠮ ᠤᠨ ᠰᠤᠷᠭᠠᠭᠤᠯᠢ ᠢᠢᠨ ᠬᠢᠴᠢᠶᠡᠯ ᠦᠨ ᠪᠠᠢᠢᠷᠢ᠂ ᠨᠢᠭᠡ᠊ᠳ᠋ᠦᠭᠡᠷ ᠠᠮᠤᠷᠵᠢᠬᠤ ᠭᠠᠵᠠᠷ᠂ ᠮᠣ᠊᠂ ᠤ᠊᠂ ᠶᠡ᠊᠂ ᠰᠤᠷᠭᠠᠭᠤᠯᠢ ᠢᠢᠨ ᠪᠠᠢᠢᠷᠢᠨ ᠤ ᠥᠷᠭᠡᠳᠬᠡᠯ᠂ ᠶᠡᠬᠡ ᠲᠩᠷᠢ᠂ ᠰᠣᠩ᠋ᠭᠢᠨ᠎ᠠ᠂ ᠨᠦᠬᠡᠲᠦ ᠵᠡᠷᠭᠡ ᠭᠠᠵᠠᠷ ᠳ᠋ᠠᠬᠢ ᠪᠠᠷᠢᠯᠭ᠎ᠠ ᠢᠢᠨ ᠪᠦᠲᠦᠭᠡᠨ ᠪᠠᠢᠢᠭᠤᠯᠤᠯᠲᠠ ᠳᠤ ᠠᠵᠢᠯᠯᠠᠭᠤᠯᠤᠭᠰᠠᠨ ᠲᠡᠦᠬᠡ ᠲᠡᠢ᠃

ᠴᠣᠭᠴᠠᠯᠠᠪᠤᠷᠢ ᠢᠢᠨ ᠬᠠᠳᠠᠭᠠᠯᠠᠯᠲᠠ᠂ ᠬᠠᠮᠠᠭᠠᠯᠠᠯᠲᠠ ᠢᠢ ᠭᠡᠷ ᠡ ᠢᠢᠨ ᠳᠠᠭᠠᠭᠤ ᠮᠣᠩ᠋ᠭᠤᠯ ᠤᠨ ᠤᠯᠠᠭᠠᠨ ᠵᠠᠭᠠᠯᠮᠠᠶ ᠨᠡᠢᠢᠭᠡᠮᠯᠢᠭ᠌᠂ ᠶᠠᠫᠣᠨ ᠤᠯᠤᠰ ᠤᠨ ᠡᠷᠡᠭᠦᠯ ᠮᠡᠨᠳᠦ᠂ ᠬᠥᠳᠡᠯᠮᠦᠷᠢ᠂ ᠨᠡᠢᠢᠭᠡᠮ ᠦᠨ ᠬᠠᠮᠠᠭᠠᠯᠠᠯ ᠤᠨ ᠶᠠᠮᠤᠨ ᠬᠠᠷᠢᠭᠤᠴᠠᠵᠤ ᠪᠠᠢᠢᠨ᠎ᠠ᠃