Та "Internet explorer"-ийн сүүлийн хувилбар болох "Microsoft edge"-г ашиглана уу

Хэрэв "Microsoft edge"-г татах бол энд дарж татаж авна уу

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠂ ᠡᠷᠬᠢᠮ ᠳᠡᠭᠡᠳᠦ ᠬᠠᠲᠤᠨ ᠮᠠᠰᠠᠻᠣ ᠨᠠᠷ ᠢ ᠬᠦᠨᠳᠦᠳᠬᠡᠨ ᠲᠥᠷᠦ ᠢᠢᠨ ᠵᠣᠭᠤᠭ ᠪᠠᠷᠢᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠢᠢᠨ ᠲᠥᠷᠦ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠶᠡᠷᠦᠩᠬᠡᠢᠢᠯᠡᠭᠴᠢ ᠤ·ᠬᠦᠷᠡᠯᠰᠦ᠋ᠬᠡ᠂ ᠭᠡᠷᠭᠡᠶ ᠯᠤ᠊·ᠪᠣᠯᠤᠷᠴᠡᠴᠡᠭ᠌ ᠨᠠᠷ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ ᠢ ᠬᠦᠨᠳᠦᠳᠬᠡᠨ ᠲᠥᠷᠦ ᠢᠢᠨ ᠵᠣᠭᠤᠭ ᠪᠠᠷᠢᠯ᠎ᠠ᠃

ᠲᠥᠷᠦ ᠢᠢᠨ ᠬᠦᠨᠳᠦᠳᠬᠡᠯ ᠦᠨ ᠵᠣᠭᠤᠭ ᠲᠤ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠣᠯᠤᠨ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠨᠠᠷ ᠤᠨ ᠬᠡᠯᠡᠭᠰᠡᠨ ᠦᠭᠡ ᠢᠢ ᠬᠦᠷᠭᠡᠵᠦ ᠪᠠᠢᠢᠨ᠎ᠠ᠃

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂

ᠡᠷᠬᠢᠮ ᠳᠡᠭᠡᠳᠦ ᠬᠠᠲᠤᠨ ᠮᠠᠰᠠᠻᠣ᠂

ᠡᠷᠬᠢᠮ ᠬᠦᠨᠳᠦᠲᠦ ᠵᠣᠴᠢᠳ ᠠ᠂

ᠮᠣᠩ᠋ᠭᠤᠯ ᠤᠯᠤᠰ ᠤᠨ ᠲᠥᠷᠦ ᠢᠢᠨ ᠲᠡᠷᠢᠭᠦᠨ ᠦ ᠤᠷᠢᠯᠭ᠎ᠠ ᠢᠢ ᠬᠦᠯᠢᠶᠡᠨ ᠠᠪᠴᠤ᠂ ᠲᠥᠷᠦᠲᠦ ᠶᠣᠰᠤᠨ ᠤ ᠡᠷᠲᠡᠨ ᠦ ᠲᠡᠦᠬᠡᠲᠦ᠂ ᠨᠡᠭᠦᠳᠡᠯ ᠦᠨ ᠰᠣᠶᠤᠯ ᠢᠷᠭᠡᠨᠰᠢᠯ ᠦᠨ ᠥᠯᠦᠭᠡᠶ ᠨᠤᠲᠤᠭ᠂ ᠶᠡᠬᠡ ᠮᠣᠩ᠋ᠭᠤᠯ ᠤᠯᠤᠰ ᠤᠨ ᠠᠷᠢᠭᠤᠨ ᠭᠠᠯ ᠭᠣᠯᠤᠮᠲᠠ ᠮᠠᠨ ᠤ ᠰᠠᠢᠢᠬᠠᠨ ᠤᠯᠤᠰ ᠲᠤ ᠨᠠᠷᠠᠨ᠂ ᠬᠤᠷ ᠠ ᠲᠡᠭᠰᠢᠷᠠᠭ᠍ᠰᠡᠨ ᠵᠤᠨ ᠤ ᠡᠨᠡ ᠳᠡᠯᠭᠡᠷ ᠰᠠᠢᠢᠬᠠᠨ ᠴᠠᠭ ᠲᠤ ᠲᠥᠷᠦ ᠢᠢᠨ ᠠᠢᠢᠯᠴᠢᠯᠠᠯ ᠬᠢᠵᠦ ᠪᠤᠢ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠪᠣᠯᠤᠨ ᠪᠤᠰᠤᠳ ᠵᠣᠴᠢᠳ᠂ ᠲᠥᠯᠦᠭᠡᠯᠡᠭᠴᠢ ᠲᠠ ᠪᠦᠬᠦᠨ ᠳᠥ ᠥᠯᠵᠡᠢ ᠤᠴᠠᠷᠠᠯ ᠪᠦᠷᠢᠳᠦᠭᠰᠡᠨ ᠦᠳᠡᠰᠢ ᠢᠢᠨ ᠮᠡᠨᠳᠦ ᠢᠢ ᠡᠷᠭᠦᠨ ᠳᠡᠪᠰᠢᠭᠦᠯᠦᠶ ᠡ᠃

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠲᠠ ᠡᠷᠬᠢᠮ ᠳᠡᠭᠡᠳᠦ ᠬᠠᠲᠤᠨ ᠤ ᠬᠠᠮᠲᠤ ᠪᠠᠷ ᠬᠦᠮᠦᠨ ᠲᠥᠷᠦᠯᠬᠢᠲᠡᠨ ᠦ ᠰᠣᠶᠤᠯ ᠢᠷᠭᠡᠨᠰᠢᠯ ᠦᠨ ᠦᠨᠡᠲᠦ ᠥᠪ᠂ ᠮᠣᠩ᠋ᠭᠤᠯ ᠲᠦᠮᠡᠨ ᠦ ᠡᠪ ᠨᠢᠭᠡᠳᠦᠯ᠂ ᠲᠤᠰᠠᠭᠠᠷ ᠲᠣᠭᠲᠠᠨᠢᠯ ᠤᠨ ᠪᠡᠯᠭᠡᠳᠡᠯ ᠦᠨᠳᠦᠰᠦᠨ ᠦ ᠶᠡᠬᠡ ᠪᠠᠶᠠᠷ ᠨᠠᠭᠠᠳᠤᠮ ᠤᠨ ᠨᠡᠭᠡᠭᠡᠯᠲᠡ ᠳᠥ ᠬᠦᠨᠳᠦᠲᠦ ᠵᠣᠴᠢᠨ ᠤ ᠬᠤᠪᠢ ᠪᠠᠷ ᠣᠷᠤᠯᠴᠠᠵᠤ ᠪᠠᠢᠢᠭ᠎ᠠ ᠨᠢ ᠮᠠᠨ ᠤ ᠠᠷᠠᠳ ᠲᠦᠮᠡᠨ ᠦ ᠪᠠᠶᠠᠷ ᠳᠡᠭᠡᠷ᠎ᠡ ᠪᠠᠶᠠᠷ ᠨᠡᠮᠡᠭᠰᠡᠨ ᠪᠡᠯᠭᠡ ᠳᠡᠮᠪᠡᠷᠢᠯ ᠲᠡᠢ ᠰᠠᠢᠢᠬᠠᠨ ᠤᠴᠠᠷᠠᠯ ᠪᠣᠯᠵᠤ ᠪᠠᠢᠢᠨ᠎ᠠ᠃

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ᠂ ᠡᠷᠬᠢᠮ ᠳᠡᠭᠡᠳᠦ ᠬᠠᠲᠤᠨ ᠨᠠᠷ ᠤᠨ ᠮᠣᠩ᠋ᠭᠤᠯ ᠤᠯᠤᠰ ᠲᠤ ᠬᠢᠵᠦ ᠪᠤᠢ ᠲᠥᠷᠦ ᠢᠢᠨ ᠠᠩᠬᠠᠨ ᠤ ᠠᠢᠢᠯᠴᠢᠯᠠᠯ ᠨᠢ ᠨᠡᠢᠢᠲᠡᠯᠢᠭ ᠦᠨᠡᠲᠦ ᠵᠦᠢᠯᠡᠰ᠂ ᠬᠠᠷᠢᠯᠴᠠᠨ ᠢᠲᠡᠭᠡᠯᠴᠡᠯ ᠳᠥ ᠰᠠᠭᠤᠷᠢᠯᠠᠭᠰᠠᠨ ᠮᠠᠨ ᠤ ᠬᠣᠶᠠᠷ ᠤᠯᠤᠰ ᠤᠨ ᠨᠠᠢᠢᠷᠰᠠᠭ ᠬᠠᠷᠢᠯᠴᠠᠭᠠᠨ ᠤ ᠲᠡᠦᠬᠡᠨ ᠳᠥ ᠠᠯᠲᠠᠨ ᠦᠰᠦᠭ ᠢᠶᠡᠷ ᠪᠢᠴᠢᠭᠳᠡᠨ ᠮᠥᠩᠬᠡᠷᠡᠵᠦ᠂ ᠠᠷᠠᠳ ᠲᠦᠮᠡᠨ ᠬᠣᠭᠤᠷᠤᠨᠳᠤ ᠢᠢᠨ ᠡᠯᠢᠭᠡᠮᠰᠦᠭ ᠳᠣᠲᠤᠨᠤ ᠨᠥᠬᠦᠷᠯᠡᠯ ᠢ ᠤᠯᠠᠮ ᠪᠡᠬᠢᠵᠢᠭᠦᠯᠵᠦ᠂ ᠢᠷᠡᠭᠡᠳᠦᠶ ᠬᠣᠢᠢᠴᠢ ᠦᠶ᠎ᠡ ᠢᠢᠨ ᠲᠥᠯᠦᠭᠡᠯᠡᠯ ᠪᠣᠯᠬᠤ ᠬᠡᠦᠬᠡᠳ᠂ ᠵᠠᠯᠠᠭᠤᠴᠤᠳ ᠤᠨ ᠠᠨᠳᠠᠯᠠᠯ᠂ ᠨᠥᠬᠦᠷᠯᠡᠯ ᠦᠨ ᠭᠡᠭᠡᠨ ᠲᠡᠮᠡᠦᠯᠦᠯ ᠢ ᠬᠥᠭ᠍ᠯᠡᠨ ᠪᠠᠳᠠᠷᠠᠭᠠᠬᠤ ᠣᠨᠴᠤᠭᠤᠶ ᠴᠢᠬᠤᠯᠠ᠂ ᠲᠡᠦᠬᠡᠨ ᠦᠢᠯᠡ ᠶᠠᠪᠤᠳᠠᠯ ᠪᠣᠯᠵᠤ ᠪᠠᠢᠢᠨ᠎ᠠ᠃

ᠮᠣᠩ᠋ᠭᠤᠯ ᠤᠯᠤᠰ᠂ ᠶᠠᠫᠣᠨ ᠤᠯᠤᠰ ᠤᠨ ᠦᠶ᠎ᠡ ᠦᠶ᠎ᠡ ᠢᠢᠨ ᠲᠥᠷᠦ᠂ ᠨᠡᠢᠢᠭᠡᠮ ᠦᠨ ᠵᠢᠳᠬᠦᠯᠲᠡᠨ ᠨᠤᠭᠦᠳ᠂ ᠠᠷᠠᠳ ᠢᠷᠭᠡᠳ ᠦᠨ ᠴᠢᠩ ᠰᠡᠳᠬᠢᠯ᠂ ᠢᠲᠡᠭᠡᠯ᠂ ᠵᠢᠳᠬᠦᠯ ᠦᠨ ᠦᠷ᠎ᠡ ᠪᠡᠷ ᠮᠠᠨ ᠤ ᠬᠣᠶᠠᠷ ᠤᠯᠤᠰ ᠤᠨ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠲᠤᠭᠤᠰᠢᠲᠠᠢ ᠬᠥᠭ᠍ᠵᠢᠨ ᠳᠡᠪᠵᠢᠵᠦ᠂ ᠡᠳᠦᠭᠡ «ᠬᠦᠮᠦᠨ ᠲᠥᠪ ᠲᠡᠢ» «ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠶ ᠰᠲ᠋ᠷᠠᠲ᠋ᠧᠭᠢ ᠢᠢᠨ ᠲᠦᠩᠰᠢᠯᠡᠯ» ᠦᠨ ᠥᠨᠳᠦᠷ ᠲᠥᠪᠰᠢᠨ ᠳᠥ ᠬᠦᠷᠴᠦ᠂ ᠬᠣᠶᠠᠷ ᠤᠯᠤᠰ ᠤᠨ ᠨᠠᠢᠢᠷᠠᠮᠳᠠᠯ᠂ ᠨᠥᠬᠦᠷᠯᠡᠯ ᠪᠦᠬᠦᠢ ᠯᠠ ᠰᠠᠯᠪᠤᠷᠢ ᠳᠤ ᠭᠦᠨᠵᠡᠭᠡᠢᠢᠷᠡᠨ ᠪᠡᠬᠡᠵᠢᠵᠦ ᠪᠤᠢ ᠢᠢ ᠲᠡᠮᠳᠡᠭᠯᠡᠬᠦ ᠳᠥ ᠰᠡᠳᠬᠢᠯ ᠬᠠᠩ᠋ᠭᠠᠯᠤᠭᠤᠨ ᠪᠠᠢᠢᠨ᠎ᠠ᠃

ᠮᠣᠩ᠋ᠭᠤᠯ ᠤᠯᠤᠰ ᠲᠤ ᠠᠷᠠᠳᠴᠢᠯᠠᠯ ᠢ ᠪᠠᠲᠤᠳᠬᠠᠬᠤ᠂ ᠨᠡᠢᠢᠭᠡᠮ᠂ ᠡᠳ᠋ ᠦᠨ ᠵᠠᠰᠠᠭ ᠤᠨ ᠲᠣᠭᠲᠠᠪᠤᠷᠢᠲᠠᠢ ᠬᠥᠭ᠍ᠵᠢᠯ ᠢ ᠳᠡᠮᠵᠢᠬᠦ ᠳᠥ ᠶᠠᠫᠣᠨ ᠤᠯᠤᠰ ᠤᠨ ᠲᠥᠷᠦ᠂ ᠵᠠᠰᠠᠭ᠂ ᠶᠠᠫᠣᠨ ᠤ ᠠᠷᠠᠳ ᠲᠦᠮᠡᠨ ᠦ ᠬᠠᠯᠠᠭᠤᠨ ᠰᠡᠳᠬᠢᠯ ᠰᠢᠩ᠋ᠭᠡᠭ᠍ᠰᠡᠨ ᠲᠤᠰᠠᠯᠠᠮᠵᠢ᠂ ᠳᠡᠮᠵᠢᠯᠭᠡ ᠠᠯᠲᠠᠶ ᠢᠢᠨ ᠥᠨᠳᠦᠷ ᠠᠭᠤᠯᠠᠰ ᠠᠴᠠ ᠳᠣᠷᠤᠨ᠎ᠠ ᠢᠢᠨ ᠠᠭᠤᠳᠠᠮ ᠲᠠᠯ᠎ᠠ ᠬᠦᠷᠲᠡᠯᠡᠬᠢ ᠠᠭᠤᠳᠠᠮ ᠳᠡᠯᠭᠡᠷ ᠡᠬᠡ ᠣᠷᠤᠨ ᠤ ᠮᠢᠨᠢ ᠵᠠᠬ᠎ᠠ ᠬᠢᠵᠠᠭᠠᠷ᠂ ᠨᠡᠢᠢᠭᠡᠮ ᠦᠨ ᠪᠦᠬᠦᠢ ᠯᠠ ᠰᠠᠯᠪᠤᠷᠢ᠂ ᠠᠢᠢᠯ ᠡᠷᠦᠬᠡ᠂ ᠢᠷᠭᠡᠨ ᠪᠦᠷᠢ ᠳᠥ ᠬᠦᠷᠴᠦ᠂ ᠦᠨ᠎ᠡ ᠲᠡᠢ ᠬᠤᠪᠢ ᠨᠡᠮᠡᠷᠢ ᠣᠷᠤᠭᠤᠯᠵᠤ ᠢᠷᠡᠭᠰᠡᠨ ᠳᠥ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠭᠦᠨ ᠲᠠᠯᠠᠷᠬᠠᠯ ᠢᠯᠡᠷᠬᠡᠢᠢᠯᠡᠶ ᠡ᠃

ᠴᠣᠭ ᠵᠢᠪᠬᠤᠯᠠᠩᠲᠤ ᠡᠵᠡᠨ ᠬᠠᠭᠠᠨ᠂ ᠡᠷᠬᠢᠮ ᠳᠡᠭᠡᠳᠦ ᠬᠠᠲᠤᠨᠲᠠᠨ᠂

ᠮᠣᠩ᠋ᠭᠤᠯ᠂ ᠶᠠᠫᠣᠨ ᠤ ᠠᠷᠠᠳ ᠲᠦᠮᠡᠨ ᠪᠣᠯ ᠮᠢᠩᠭ᠋ᠠᠨ ᠢ ᠥᠷᠲᠡᠭᠡᠯᠡᠨ ᠬᠦᠮᠦᠨ-ᠪᠠᠢᠢᠭᠠᠯᠢ ᠢᠢᠨ ᠬᠦᠢ ᠢᠢᠨ ᠬᠣᠯᠪᠤᠭ᠎ᠠ᠂ ᠰᠦᠨᠡᠰᠦᠯᠢᠭ ᠣᠷᠣᠰᠢᠬᠤᠢ ᠢᠢᠨ ᠰᠢᠲᠦᠨ ᠪᠠᠷᠢᠯᠳᠤᠯᠭ᠎ᠠ ᠢᠢ ᠳᠡᠭᠡᠳᠦᠯᠡᠬᠦ ᠥᠪ ᠰᠣᠶᠤᠯ ᠤᠨ ᠨᠠᠨᠳᠢᠨ ᠤᠴᠢᠭ ᠢᠶᠠᠷ ᠢᠵᠢᠯᠰᠡᠭᠰᠡᠨ᠂ ᠡᠨᠡᠭᠰᠢᠨ ᠳᠣᠲᠤᠨᠤᠰᠬᠤ ᠰᠡᠳᠬᠢᠯ ᠦᠨ ᠢᠷᠦᠭᠡᠯ᠂ ᠠᠯᠲᠠᠶ ᠢᠵᠠᠭᠤᠷ ᠤᠨ ᠨᠢᠭᠡᠨ ᠤᠭᠰᠢᠯᠲᠤ ᠬᠡᠯᠡ ᠪᠦᠬᠦᠢ «ᠬᠥᠬᠡ ᠲᠣᠯᠪᠣᠲᠤ» ᠨᠤᠭᠤᠳ ᠪᠢᠯᠡ᠃

ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠲᠠᠨ ᠤ ᠬᠠᠭᠠᠨᠴᠢᠯᠠᠯ ᠤᠨ «ᠷᠧᠢᠢᠸᠠ» ᠢᠢᠨ ᠡᠷᠢᠨ ᠦᠶ᠎ᠡ ᠳᠥ ᠮᠠᠨ ᠤ ᠬᠣᠶᠠᠷ ᠤᠯᠤᠰ᠂ ᠠᠷᠠᠳ ᠲᠦᠮᠡᠨ ᠦ ᠪᠡᠨ ᠡᠭᠡᠯᠢᠲᠡᠢ ᠳᠣᠲᠤᠨᠤ ᠨᠥᠬᠦᠷᠯᠡᠯ᠂ ᠪᠠᠲᠤ ᠪᠡᠬᠢ ᠢᠲᠡᠭᠡᠯᠴᠡᠯ ᠳᠥ ᠰᠠᠭᠤᠷᠢᠯᠠᠭᠰᠠᠨ ᠡᠷᠬᠢᠮ ᠲᠦᠩᠰᠢᠯᠡᠯ ᠢ ᠭᠦᠨᠵᠡᠭᠡᠢᠢᠷᠡᠭᠦᠯᠦᠨ ᠪᠡᠬᠢᠵᠢᠭᠦᠯᠵᠦ᠂ ᠬᠠᠮᠲᠤ ᠳᠤ ᠪᠠᠨ ᠳᠡᠪᠵᠢᠨ ᠬᠥᠭ᠍ᠵᠢᠬᠦ ᠴᠢᠩ ᠬᠦᠰᠡᠯ ᠲᠡᠮᠡᠦᠯᠦᠯ ᠢᠶᠡᠷ ᠵᠢᠭᠦᠷᠯᠡᠭᠰᠡᠨ ᠪᠠᠬᠠᠳᠤᠮ ᠠ ᠰᠠᠢᠢᠬᠠᠨ ᠲᠡᠦᠬᠡ ᠢᠢ ᠪᠢᠳᠡ ᠪᠦᠬᠦᠨ ᠴᠣᠭᠴᠠᠯᠠᠭᠠᠨ ᠪᠦᠲᠦᠭᠡᠨ᠎ᠡ ᠭᠡᠳᠡᠭ ᠲᠥ ᠢᠲᠡᠭᠡᠯ ᠲᠡᠭᠦᠰ ᠪᠠᠢᠢᠨ᠎ᠠ᠃

ᠡᠨᠡ ᠦᠳᠡᠰᠢ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋ ᠲᠠ ᠮᠣᠩ᠋ᠭᠤᠯ ᠤᠯᠤᠰ ᠤᠨ ᠹᠢᠯᠠᠷᠮᠣᠨᠢ ᠢᠢᠨ ᠳᠡᠷᠭᠡᠳᠡᠬᠢ ᠮᠣᠷᠢᠨ ᠬᠤᠭᠤᠷ ᠤᠨ ᠨᠠᠢᠢᠷᠠᠯ ᠬᠥᠭ᠍ᠵᠢᠮ ᠦᠨ ᠤᠷᠠᠨ ᠪᠦᠲᠦᠭᠡᠯᠴᠢᠳ ᠦᠨ ᠬᠠᠮᠲᠤ «ᠮᠣᠩ᠋ᠭᠤᠯ ᠠᠶᠠᠯᠭᠤ» ᠪᠣᠯᠤᠨ ᠶᠠᠫᠣᠨ ᠤ ᠠᠯᠳᠠᠷᠲᠤ «ᠾᠠᠮᠠᠪᠧ ᠨᠣ᠋ ᠦᠲ᠋ᠠ» ᠠᠶᠠᠯᠭᠤ ᠢᠢ ᠡᠭᠡᠰᠢᠭᠯᠡᠭᠦᠯᠦᠨ ᠮᠠᠨ ᠤ ᠠᠷᠠᠳ ᠲᠦᠮᠡᠨ ᠦ ᠰᠣᠨᠤᠷ ᠢ ᠮᠢᠯᠢᠶᠠᠬᠤ ᠨᠠᠨᠳᠢᠨ ᠤᠴᠠᠷᠠᠯ ᠲᠣᠬᠢᠶᠠᠵᠤ ᠪᠤᠢ ᠳᠤ ᠴᠢᠩ ᠰᠡᠳᠬᠢᠯ ᠦᠨ ᠤᠬ ᠠᠴᠠ ᠭᠦᠨ ᠲᠠᠯᠠᠷᠬᠠᠯ ᠢᠯᠡᠷᠬᠡᠢᠢᠯᠡᠶ ᠡ᠃

ᠡᠨᠡ ᠢᠯᠳᠠᠮ ᠳᠤ᠂ ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠲᠠ ᠤᠭᠰᠠᠭ᠎ᠠ ᠵᠠᠯᠭᠠᠮᠵᠢᠯᠠᠭᠴᠢ ᠬᠤᠩᠲᠠᠢᠢᠵᠢ ᠪᠠᠢᠢᠬᠤ ᠳᠤ ᠪᠠᠨ ᠮᠠᠨ ᠤ ᠤᠯᠤᠰ ᠲᠤ 2007 ᠣᠨ ᠳᠤ ᠠᠢᠢᠯᠴᠢᠯᠠᠬᠤ ᠦᠶ᠎ᠡ ᠪᠡᠷ ᠢᠶᠡᠨ ᠮᠣᠷᠢᠨ ᠬᠤᠭᠤᠷ ᠤᠨ ᠴᠢᠭᠤᠯᠭ᠎ᠠ ᠢᠢᠨ ᠤᠷᠠᠨ ᠪᠦᠲᠦᠭᠡᠯᠴᠢᠳ ᠲᠡᠢ ᠬᠠᠮᠲᠤᠷᠠᠨ ᠰᠧᠨ-ᠰᠠᠨ᠋ᠰ ᠤᠨ ᠠᠯᠳᠠᠷᠲᠤ «ᠬᠤᠨ» ᠠᠶᠠᠯᠭᠤ ᠢᠢ ᠡᠷᠡᠳᠡᠭᠦᠦ ᠬᠢᠭᠢᠯᠢ ᠬᠥᠭ᠍ᠵᠢᠮ ᠢᠶᠡᠷ ᠲᠣᠭᠯᠠᠵᠤ ᠪᠠᠢᠢᠭᠰᠠᠨ ᠢ ᠮᠠᠨ ᠤ ᠠᠷᠠᠳ ᠲᠦᠮᠡᠨ ᠣᠳᠤ ᠬᠦᠷᠲᠡᠯ᠎ᠡ ᠨᠠᠨᠳᠢᠩᠨᠠᠨ ᠳᠤᠷᠠᠰᠴᠤ ᠪᠠᠢᠢᠳᠠᠭ ᠢ ᠲᠡᠮᠳᠡᠭᠯᠡᠨ ᠬᠡᠯᠡᠬᠦ ᠳᠥ ᠲᠠᠭᠠᠲᠠᠢ ᠰᠠᠢᠢᠬᠠᠨ ᠪᠠᠢᠢᠨ᠎ᠠ᠃

ᠡᠷᠬᠢᠮ ᠬᠦᠨᠳᠦᠲᠦ ᠴᠣᠭ ᠵᠢᠪᠬᠤᠯᠠᠩᠲᠤ ᠡᠵᠡᠨ ᠬᠠᠭᠠᠨ ᠪᠣᠯᠤᠨ ᠡᠷᠬᠢᠮ ᠳᠡᠭᠡᠳᠦ ᠬᠠᠲᠤᠨ ᠲᠠᠨ ᠤ ᠮᠣᠩ᠋ᠭᠤᠯᠴᠤᠳ ᠪᠢᠳᠡᠨ ᠳᠥ ᠬᠠᠨᠳᠤᠳᠠᠭ ᠡᠯᠢᠭᠡᠮᠰᠦᠭ ᠳᠣᠲᠤᠨᠤ᠂ ᠬᠠᠯᠠᠭᠤᠨ ᠳᠤᠯᠠᠭᠠᠨ᠂ ᠴᠢᠩ ᠰᠡᠳᠬᠢᠯ ᠢ ᠮᠠᠨ ᠤ ᠠᠷᠠᠳ ᠲᠦᠮᠡᠨ ᠢᠮᠠᠭᠲᠠ ᠮᠡᠳᠡᠷᠡᠵᠦ᠂ ᠥᠨᠳᠦᠷ ᠢᠶᠡᠷ ᠦᠨᠡᠯᠡᠨ ᠬᠦᠨᠳᠦᠯᠳᠡᠭ ᠪᠢᠯᠡ᠃

ᠡᠷᠬᠢᠮ ᠬᠦᠨᠳᠦᠲᠦ ᠴᠣᠭ ᠵᠢᠪᠬᠤᠯᠠᠩᠲᠤ ᠡᠵᠡᠨ ᠬᠠᠭᠠᠨ ᠲᠠ ᠪᠣᠯᠤᠨ ᠡᠷᠬᠢᠮ ᠳᠡᠭᠡᠳᠦ ᠬᠠᠲᠤᠨ ᠲᠠᠨ ᠤ ᠮᠣᠩ᠋ᠭᠤᠯ᠂ ᠶᠠᠫᠣᠨ ᠤ «ᠬᠦᠮᠦᠨ ᠲᠥᠪ ᠲᠡᠢ» ᠲᠤᠰᠬᠠᠶ ᠰᠲ᠋ᠷᠠᠲ᠋ᠧᠭᠢ ᠢᠢᠨ ᠲᠦᠩᠰᠢᠯᠡᠯ ᠢ ᠤᠯᠠᠮ ᠪᠦᠷᠢ ᠪᠠᠲᠤᠳᠬᠠᠨ ᠪᠡᠬᠢᠵᠢᠭᠦᠯᠵᠦ᠂ ᠥᠷᠭᠡᠵᠢᠭᠦᠯᠦᠨ ᠬᠥᠭ᠍ᠵᠢᠭᠦᠯᠬᠦ ᠡᠷᠬᠢᠮ ᠦᠢᠯᠡᠰ ᠲᠥ ᠣᠷᠤᠭᠤᠯᠵᠤ ᠢᠷᠡᠭᠰᠡᠨ ᠦᠨ᠎ᠡ ᠲᠡᠢ ᠬᠤᠪᠢ ᠨᠡᠮᠡᠷᠢ᠂ ᠭᠠᠪᠢᠶ᠎ᠠ ᠵᠢᠳᠬᠦᠯ ᠳᠥ ᠲᠠᠨᠢ ᠮᠣᠩ᠋ᠭᠤᠯ ᠲᠥᠷᠦ᠂ ᠮᠣᠩ᠋ᠭᠤᠯ ᠤᠨ ᠠᠷᠠᠳ ᠲᠦᠮᠡᠨ ᠭᠦᠨ ᠢᠶᠡᠨ ᠲᠠᠯᠠᠷᠬᠠᠵᠤ᠂ ᠴᠢᠩ ᠰᠡᠳᠬᠢᠯ ᠦᠨ ᠬᠦᠨᠳᠦᠳᠬᠡᠯ ᠦᠵᠡᠭᠦᠯᠵᠦ ᠪᠠᠢᠢᠨ᠎ᠠ᠃

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠋᠂ ᠡᠷᠬᠢᠮ ᠳᠡᠭᠡᠳᠦ ᠬᠠᠲᠤᠨ ᠮᠠᠰᠠᠻᠣ ᠨᠠᠷ ᠲᠤ ᠬᠦᠨᠳᠦᠳᠬᠡᠯ ᠦᠵᠡᠭᠦᠯᠬᠦ ᠲᠥᠷᠦ ᠢᠢᠨ ᠬᠦᠨᠳᠦᠳᠬᠡᠯ ᠦᠨ ᠵᠣᠭᠤᠭ ᠲᠤ ᠮᠠᠨ ᠤ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠵᠤ ᠢᠷᠡᠭᠰᠡᠨ ᠡᠷᠬᠢᠮ ᠬᠦᠮᠦᠰ ᠦᠨ ᠲᠥᠯᠦᠭᠡᠯᠡᠯ ᠴᠣᠭ ᠵᠢᠪᠬᠤᠯᠠᠩᠲᠤ ᠡᠵᠡᠨ ᠬᠠᠭᠠᠨ᠂ ᠡᠷᠬᠢᠮ ᠳᠡᠭᠡᠳᠦ ᠬᠠᠲᠤᠨᠲᠠᠨ ᠳᠤ ᠭᠦᠨ ᠬᠦᠨᠳᠦᠳᠬᠡᠯ ᠦᠵᠡᠭᠦᠯᠬᠦ ᠪᠡᠷ ᠬᠦᠷᠦᠯᠴᠡᠨ ᠢᠷᠡᠭᠰᠡᠨ ᠢ ᠳᠠᠭᠤᠯᠠᠭᠠᠬᠤ ᠳᠤ ᠲᠠᠭᠠᠲᠠᠢ ᠪᠠᠢᠢᠨ᠎ᠠ᠃

«ᠬᠣᠷᠸᠠ ᠢᠢᠨ ᠤᠴᠠᠷᠠᠯ ᠲᠣᠬᠢᠶᠠᠯ ᠪᠦᠬᠦᠨ ᠬᠤᠪᠢ ᠢᠷᠦᠭᠡᠯ ᠪᠤᠶ ᠢᠢᠨ ᠬᠢ» ᠬᠡᠮᠡᠬᠦ ᠶᠠᠫᠣᠨ ᠠᠷᠠᠳ ᠤᠨ ᠬᠡᠯᠡᠴᠡ ᠦᠭᠡ ᠪᠠᠢᠢᠳᠠᠭ ᠪᠢᠯᠡ᠃

ᠮᠣᠩ᠋ᠭᠤᠯ ᠤᠯᠤᠰ᠂ ᠶᠠᠫᠣᠨ ᠤᠯᠤᠰ ᠤᠨ ᠡᠷᠬᠢᠮ ᠨᠥᠬᠦᠷᠯᠡᠯ᠂ ᠨᠠᠢᠢᠷᠰᠠᠭ ᠬᠠᠷᠢᠯᠴᠠᠭ᠎ᠠ ᠮᠠᠨ ᠤ ᠬᠣᠶᠠᠷ ᠤᠯᠤᠰ ᠤᠨ ᠢᠷᠡᠭᠡᠳᠦᠶ ᠢᠢᠨ ᠰᠠᠢᠢᠨ ᠰᠠᠢᠢᠬᠠᠨ ᠤ ᠲᠥᠯᠦᠭᠡ᠂ ᠳᠠᠶᠠᠩ ᠳᠡᠯᠡᠬᠡᠶ ᠢᠢᠨ ᠡᠩᠬᠡ ᠲᠠᠢᠢᠪᠤᠩ᠂ ᠲᠣᠭᠲᠠᠪᠤᠷᠢᠲᠠᠢ ᠪᠠᠢᠢᠳᠠᠯ ᠤᠨ ᠲᠥᠯᠦᠭᠡ ᠥᠨᠢ ᠮᠥᠩᠬᠡᠳᠡ ᠥᠷᠭᠡᠵᠢᠨ ᠴᠡᠴᠡᠭᠯᠡᠬᠦ ᠢᠢᠨ ᠥᠯᠵᠡᠢᠢᠲᠡᠢ ᠰᠠᠢᠢᠬᠠᠨ ᠢᠷᠦᠭᠡᠯ ᠢ ᠡᠷᠭᠦᠨ ᠳᠡᠪᠰᠢᠭᠦᠯᠦᠶ ᠡ᠃

ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ᠂ ᠡᠷᠬᠢᠮ ᠳᠡᠭᠡᠳᠦ ᠬᠠᠲᠤᠨᠲᠠᠨ ᠲᠠᠨ ᠢ ᠥᠨᠢ ᠡᠷᠲᠡᠨ ᠦ ᠲᠡᠦᠬᠡᠲᠦ᠂ ᠡᠷᠲᠡᠨ ᠦ ᠨᠡᠭᠦᠳᠡᠯᠴᠢᠳ ᠦᠨ ᠲᠥᠷᠦᠲᠦ ᠶᠣᠰᠤᠨ ᠤ ᠭᠠᠯ ᠭᠣᠯᠤᠮᠲᠠ᠂ ᠮᠥᠩᠬᠡ ᠬᠥᠬᠡ ᠲᠩᠷᠢ ᠢᠢᠨ ᠣᠷᠤᠨ ᠮᠠᠨ ᠤ ᠰᠠᠢᠢᠬᠠᠨ ᠤᠯᠤᠰ ᠲᠤ ᠲᠠᠪᠠ ᠲᠠᠢ ᠮᠣᠷᠢᠯᠠᠵᠤ᠂ ᠲᠤᠬᠠᠯᠠᠨ ᠰᠠᠭᠠᠲᠠᠬᠤ ᠢᠢ ᠬᠦᠰᠡᠶ ᠡ᠃

ᠡᠨᠡ ᠬᠤᠨᠳᠠᠭ᠎ᠠ ᠢᠢ:

• ᠶᠠᠫᠣᠨ ᠤᠯᠤᠰ ᠤᠨ ᠴᠣᠭ ᠵᠢᠪᠬᠤᠯᠠᠩᠲᠤ ᠡᠵᠡᠨ ᠬᠠᠭᠠᠨ᠂ ᠡᠷᠬᠢᠮ ᠳᠡᠭᠡᠳᠦ ᠬᠠᠲᠤᠨ ᠤ ᠡᠷᠡᠭᠦᠯ ᠡᠩᠬᠡ᠂ ᠠᠵᠠ ᠵᠢᠷᠭᠠᠯ ᠤᠨ ᠲᠥᠯᠦᠭᠡ᠂

• ᠮᠣᠩ᠋ᠭᠤᠯ᠂ ᠶᠠᠫᠣᠨ ᠤ ᠭᠠᠩ ᠪᠠᠲᠤ ᠨᠠᠢᠢᠷᠠᠮᠳᠠᠯ᠂ ᠨᠥᠬᠦᠷᠯᠡᠯ᠂ ᠬᠠᠮᠲᠤ ᠢᠢᠨ ᠠᠵᠢᠯᠯᠠᠭ᠎ᠠ ᠮᠠᠨᠳᠤᠨ ᠪᠠᠳᠠᠷᠠᠬᠤ ᠢᠢᠨ ᠲᠥᠯᠦᠭᠡ᠂

• ᠮᠠᠨ ᠤ ᠬᠣᠶᠠᠷ ᠤᠯᠤᠰ ᠤᠨ ᠬᠥᠭ᠍ᠵᠢᠯ ᠴᠡᠴᠡᠭᠯᠡᠯᠲᠡ᠂ ᠠᠷᠠᠳ ᠲᠦᠮᠡᠨ ᠦ ᠠᠵᠠ ᠵᠢᠷᠭᠠᠯ᠂ ᠰᠠᠢᠢᠨ ᠰᠠᠢᠢᠬᠠᠨ ᠢᠷᠡᠭᠡᠳᠦᠶ ᠢᠢᠨ ᠲᠥᠯᠦᠭᠡ᠂

• ᠡ᠊ᠨᠳᠡ ᠬᠦᠷᠦᠯᠴᠡᠨ ᠢᠷᠡᠭᠰᠡᠨ ᠬᠦᠨᠳᠦᠲᠦ ᠵᠣᠴᠢᠳ᠂ ᠶᠠᠫᠣᠨ ᠠᠨᠳᠠ ᠨᠥᠬᠦᠳ ᠦᠨ ᠢᠶᠡᠨ ᠡᠷᠡᠭᠦᠯ ᠡᠩᠬᠡ᠂ ᠠᠮᠵᠢᠯᠲᠠ ᠪᠦᠲᠦᠭᠡᠯ ᠦᠨ ᠲᠥᠯᠦᠭᠡ ᠡᠷᠭᠦᠶ ᠡ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ᠂ ᠡᠷᠬᠢᠮᠰᠦᠭ ᠨᠣᠶᠠᠨ ᠤᠬᠤᠨ᠎ᠠ ᠢᠢᠨ ᠬᠦᠷᠡᠯᠰᠦ᠋ᠬᠡ᠂ ᠲᠡᠷᠢᠭᠦᠨ ᠬᠠᠲᠤᠭᠲᠠᠶ ᠯᠤᠪᠰᠠᠩᠳᠣᠷᠵᠢ ᠢᠢᠨ ᠪᠣᠯᠤᠷᠴᠡᠴᠡᠭ᠌ ᠪᠣᠯᠤᠨ ᠡ᠊ᠨᠳᠡ ᠬᠦᠷᠦᠯᠴᠡᠨ ᠢᠷᠡᠭᠰᠡᠨ ᠬᠦᠨᠳᠦᠲᠦ ᠵᠣᠴᠢᠳ ᠠ᠂

ᠲᠠ ᠪᠦᠬᠦᠨ ᠲᠡᠢ ᠳᠠᠬᠢᠨ ᠠᠭᠤᠯᠵᠠᠵᠤ ᠪᠠᠢᠢᠭ᠎ᠠ ᠳᠤ ᠪᠠᠨ ᠪᠠᠶᠠᠷ ᠲᠠᠢ ᠪᠠᠢᠢᠨ᠎ᠠ᠃

ᠶᠠᠭᠤᠨ ᠤ ᠡᠮᠦᠨ᠎ᠡ ᠡᠷᠬᠢᠮᠰᠦᠭ ᠨᠣᠶᠠᠨ ᠶᠡᠷᠦᠩᠬᠡᠢᠢᠯᠡᠭᠴᠢ᠂ ᠲᠡᠷᠢᠭᠦᠨ ᠬᠠᠲᠤᠭᠲᠠᠶ᠂ ᠮᠣᠩ᠋ᠭᠤᠯ ᠤᠨ ᠠᠷᠠᠳ ᠲᠦᠮᠡᠨ ᠨᠠᠮᠠᠢᠢ ᠬᠠᠲᠤᠨ ᠤ ᠬᠠᠮᠲᠤ ᠬᠠᠯᠠᠭᠤᠨ ᠳᠣᠲᠤᠨᠤ ᠪᠠᠷ ᠬᠦᠯᠢᠶᠡᠨ ᠠᠪᠴᠤ ᠪᠠᠢᠢᠭ᠎ᠠ ᠳᠤ ᠴᠢᠩ ᠰᠡᠳᠬᠢᠯ ᠡᠴᠡ ᠪᠡᠨ ᠲᠠᠯᠠᠷᠬᠠᠯ ᠢᠯᠡᠷᠬᠡᠢᠢᠯᠡᠶ ᠡ᠃

ᠭᠤᠷᠪᠠᠨ ᠵᠢᠯ ᠦᠨ ᠡᠮᠦᠨ᠎ᠡ ᠡᠷᠬᠢᠮᠰᠦᠭ ᠨᠣᠶᠠᠨ ᠶᠡᠷᠦᠩᠬᠡᠢᠢᠯᠡᠭᠴᠢ᠂ ᠲᠡᠷᠢᠭᠦᠨ ᠬᠠᠲᠤᠭᠲᠠᠶ ᠨᠠᠷ ᠢ ᠲ᠋ᠣᠻᠢᠣ᠋ ᠳ᠋ᠠᠬᠢ ᠣᠷᠳᠤᠨ ᠳᠤ ᠪᠠᠨ ᠬᠦᠯᠢᠶᠡᠨ ᠠᠪᠬᠤ ᠢᠢᠨ ᠵᠡᠷᠭᠡᠴᠡᠭᠡ ᠮᠣᠩ᠋ᠭᠤᠯ ᠤᠨ ᠮᠣᠷᠢᠨ ᠬᠤᠭᠤᠷ ᠤᠨ ᠴᠢᠭᠤᠯᠭ᠎ᠠ ᠢᠢᠨ ᠲᠣᠭᠯᠠᠯᠲᠠ ᠢᠢ ᠬᠠᠮᠲᠤ ᠳᠤ ᠪᠠᠨ ᠦᠵᠡᠵᠦ ᠰᠣᠨᠢᠷᠬᠠᠭᠰᠠᠨ ᠮᠠᠨᠢ ᠲᠤᠩ ᠰᠠᠢᠢᠬᠠᠨ ᠳᠤᠷᠠᠰᠤᠮᠵᠢ ᠪᠣᠯᠤᠨ ᠦᠯᠡᠳᠡᠭᠰᠡᠨ᠃

ᠮᠢᠨᠦ ᠪᠡᠶ᠎ᠡ 2007 ᠣᠨ ᠳᠤ ᠠᠩᠬ᠎ᠠ ᠤᠳᠠᠭ᠎ᠠ ᠮᠣᠩ᠋ᠭᠤᠯ ᠤᠯᠤᠰ ᠲᠤ ᠠᠢᠢᠯᠴᠢᠯᠠᠵᠤ ᠪᠠᠢᠢᠭᠰᠠᠨ ᠪᠥᠭᠡᠳ ᠲᠡᠷᠡ ᠦᠶ᠎ᠡ ᠳᠥ ᠦᠵᠡᠵᠦ ᠬᠠᠷᠠᠭᠰᠠᠨ ᠪᠦᠬᠦ ᠵᠦᠢᠯ ᠮᠠᠨᠢ ᠭᠦᠨ ᠰᠡᠳᠬᠢᠭ᠍ᠳᠡᠯ ᠲᠥᠷᠦᠭᠦᠯᠵᠦ᠂ ᠣᠳᠤ ᠴᠦ ᠨᠠᠨᠳᠢᠨ ᠡᠷᠳᠡᠨᠢ ᠮᠡᠲᠦ ᠡᠷᠬᠢᠮ ᠰᠠᠨᠠᠭᠳᠠᠳᠠᠭ᠃

ᠡᠨᠡ ᠤᠳᠠᠭ᠎ᠠ ᠶᠠᠫᠣᠨ ᠤᠯᠤᠰ ᠤᠨ ᠡᠵᠡᠨ ᠬᠠᠭᠠᠨ ᠤ ᠬᠤᠪᠢ ᠪᠠᠷ ᠮᠣᠩ᠋ᠭᠤᠯ ᠤᠯᠤᠰ ᠲᠤ ᠬᠢᠵᠦ ᠪᠤᠢ ᠠᠩᠬᠠᠨ ᠤ ᠠᠢᠢᠯᠴᠢᠯᠠᠯ ᠮᠠᠨᠢ ᠬᠣᠶᠠᠷ ᠣᠷᠤᠨ ᠤ ᠨᠠᠢᠢᠷᠠᠮᠳᠠᠯᠲᠤ ᠬᠠᠷᠢᠯᠴᠠᠭ᠎ᠠ ᠢᠢ ᠤᠯᠠᠮ ᠪᠦᠷᠢ ᠥᠷᠭᠡᠵᠢᠭᠦᠯᠦᠨ ᠬᠥᠭ᠍ᠵᠢᠭᠦᠯᠬᠦ ᠳᠥ ᠲᠦᠯᠬᠢᠴᠡ ᠪᠣᠯᠤᠭᠠᠰᠠᠶ ᠭᠡᠵᠦ ᠬᠦᠰᠡᠬᠦ ᠢᠢᠨ ᠰᠠᠴᠠᠭᠤ ᠦᠨᠳᠦᠰᠦᠨ ᠦ ᠶᠡᠬᠡ ᠪᠠᠶᠠᠷ ᠨᠠᠭᠠᠳᠤᠮ ᠤᠨ ᠨᠡᠭᠡᠭᠡᠯᠲᠡ ᠢᠢᠨ ᠶᠣᠰᠤᠯᠠᠯ ᠳᠤ ᠣᠷᠤᠯᠴᠠᠬᠤ ᠪᠣᠯᠤᠮᠵᠢ ᠲᠣᠬᠢᠶᠠᠭᠰᠠᠨ ᠳᠤ ᠲᠤᠢᠢᠯ ᠤᠨ ᠶᠡᠬᠡ ᠪᠠᠶᠠᠷ ᠲᠠᠢ ᠪᠠᠢᠢᠨ᠎ᠠ᠃

ᠲᠡᠭᠦᠨᠴᠢᠯᠡᠨ ᠡᠷᠬᠢᠮᠰᠦᠭ ᠨᠣᠶᠠᠨ ᠶᠡᠷᠦᠩᠬᠡᠢᠢᠯᠡᠭᠴᠢ ᠢᠢᠨ ᠰᠠᠨᠠᠭᠠᠴᠢᠯᠠᠭ᠎ᠠ ᠪᠠᠷ ᠨᠠᠭᠠᠳᠤᠮ ᠤᠨ ᠨᠡᠭᠡᠭᠡᠯᠲᠡ ᠢᠢᠨ ᠡᠳᠦᠷ ᠪᠤᠶᠤ ᠳᠣᠯᠤᠭᠠᠳ᠋ᠤᠭᠠᠷ ᠰᠠᠷ᠎ᠠ ᠢᠢᠨ 11 ᠤ ᠡᠳᠦᠷ ᠢ «ᠳᠡᠯᠡᠬᠡᠶ ᠢᠢᠨ ᠠᠳᠤᠭᠤᠨ ᠤ ᠡᠳᠦᠷ» ᠪᠣᠯᠭᠠᠬᠤ ᠢᠢ ᠨᠢ᠊᠂ ᠦ᠊᠂ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠳᠡᠮᠵᠢᠭᠰᠡᠨ ᠨᠢ ᠠᠴᠢ ᠬᠣᠯᠪᠤᠭᠳᠠᠯ ᠲᠠᠢ ᠭᠡᠵᠦ ᠦᠵᠡᠵᠦ ᠪᠠᠢᠢᠨ᠎ᠠ᠃

ᠮᠢᠨᠦ ᠪᠡᠶ᠎ᠡ ᠬᠣᠶᠠᠷ ᠡᠳᠦᠷ ᠦᠨ ᠡᠮᠦᠨ᠎ᠡ ᠮᠣᠩ᠋ᠭᠤᠯ ᠣᠷᠤᠨ ᠳᠤ ᠵᠣᠴᠢᠯᠠᠨ ᠢᠷᠡᠭᠰᠡᠨ ᠪᠥᠭᠡᠳ ᠡᠳ᠋ ᠦᠨ ᠵᠠᠰᠠᠭ ᠤᠨ ᠥᠰᠦᠯᠲᠡ ᠲᠡᠢ ᠤᠶᠠᠯᠳᠤᠨ ᠮᠣᠩ᠋ᠭᠤᠯ ᠤᠨ ᠨᠡᠢᠢᠭᠡᠮ ᠡᠮᠦᠨ᠎ᠡ ᠢᠷᠡᠵᠦ ᠪᠠᠢᠢᠭᠰᠠᠨ ᠠᠴᠠ ᠢᠯᠡᠭᠦᠦ ᠡᠷᠴᠢ ᠬᠦᠴᠦ ᠪᠡᠷ ᠪᠢᠯᠬᠠᠵᠤ ᠪᠠᠢᠢᠭ᠎ᠠ ᠨᠢ ᠮᠡᠳᠡᠷᠡᠭᠳᠡᠵᠦ ᠪᠠᠢᠢᠨ᠎ᠠ᠃

ᠮᠥᠨ ᠡᠪᠡᠰᠦ᠂ ᠮᠣᠳᠤ ᠳᠤ ᠬᠥᠬᠡ ᠲᠩᠷᠢ ᠢᠢᠨ ᠳᠣᠣᠷ᠎ᠠ ᠪᠡᠶ᠎ᠡ ᠪᠡᠶ᠎ᠡ ᠡᠴᠡ ᠪᠡᠨ ᠤᠷᠤᠯᠳᠤᠨ ᠲᠩᠷᠢ ᠥᠭᠡᠳᠡ ᠲᠡᠮᠡᠦᠯᠦᠨ ᠤᠷᠭᠤᠵᠤ᠂ ᠴᠡᠴᠡᠭ ᠦᠳ ᠳᠡᠯᠭᠡᠷᠡᠬᠦ ᠬᠠᠮᠤᠭ ᠤᠨ ᠦᠵᠡᠰᠬᠦᠯᠡᠩᠲᠡᠢ ᠤᠯᠠᠷᠢᠯ ᠳᠤ ᠬᠠᠲᠤᠨ ᠤ ᠬᠠᠮᠲᠤ ᠮᠣᠩ᠋ᠭᠤᠯ ᠤᠯᠤᠰ ᠲᠤ ᠠᠢᠢᠯᠴᠢᠯᠠᠬᠤ ᠵᠠᠪᠰᠢᠶᠠᠨ ᠲᠣᠬᠢᠶᠠᠭᠰᠠᠨ ᠳᠤ ᠲᠤᠢᠢᠯ ᠤᠨ ᠶᠡᠬᠡ ᠪᠠᠶᠠᠷ ᠲᠠᠢ ᠪᠠᠢᠢᠨ᠎ᠠ᠃

ᠶᠠᠫᠣᠨ ᠤᠯᠤᠰ ᠪᠣᠯᠤᠨ ᠮᠣᠩ᠋ᠭᠤᠯ ᠤᠯᠤᠰ ᠤᠨ ᠨᠠᠢᠢᠷᠠᠮᠳᠠᠯᠲᠤ ᠬᠠᠮᠲᠤ ᠢᠢᠨ ᠠᠵᠢᠯᠯᠠᠭᠠᠨ ᠤ ᠭᠦᠨ ᠭᠦᠨᠵᠡᠭᠡᠶ ᠬᠠᠷᠢᠯᠴᠠᠭᠠᠨ ᠤ ᠦᠨᠳᠦᠰᠦ ᠰᠠᠭᠤᠷᠢ ᠨᠢ ᠬᠦᠮᠦᠨ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠶᠤᠮ᠃

ᠡᠮᠦᠨᠡᠬᠢ ᠠᠢᠢᠯᠴᠢᠯᠠᠯ ᠤᠨ ᠦᠶ᠎ᠡ ᠪᠡᠷ ᠮᠢᠨᠦ ᠪᠡᠶ᠎ᠡ ᠲᠤᠬᠠᠶ ᠢᠢᠨ ᠦᠶ᠎ᠡ ᠢᠢᠨ ᠬᠣᠶᠠᠷ ᠣᠷᠤᠨ ᠤ ᠬᠠᠷᠢᠯᠴᠠᠭ᠎ᠠ ᠣᠷᠭᠢᠯ ᠳᠤ ᠪᠠᠨ ᠬᠦᠷᠢᠶ᠎ᠡ ᠦᠭᠡᠢ ᠪᠠᠢᠢᠭ᠎ᠠ ᠢᠢ ᠬᠡᠯᠡᠵᠦ ᠪᠠᠢᠢᠭᠰᠠᠨ᠃ ᠵᠢᠱᠢᠶᠡᠯᠡᠪᠡᠯ 2007 ᠣᠨ ᠳᠤ ᠶᠠᠫᠣᠨ ᠤᠯᠤᠰ ᠲᠤ 1.100 ᠣᠷᠴᠢᠮ ᠮᠣᠩ᠋ᠭᠤᠯ ᠣᠶᠤᠲᠠᠨ ᠰᠤᠷᠤᠯᠴᠠᠵᠤ ᠪᠠᠢᠢᠭᠰᠠᠨ ᠪᠣᠯ ᠥᠩ᠋ᠭᠡᠷᠡᠭᠰᠡᠨ 20-᠊ᠭᠠᠳ ᠵᠢᠯ ᠦᠨ ᠬᠤᠭᠤᠴᠠᠭᠠᠨ ᠳᠤ ᠡᠨᠡ ᠲᠣᠭ᠎ᠠ ᠳᠥᠷᠪᠡ ᠳᠠᠬᠢᠨ ᠨᠡᠮᠡᠭᠳᠡᠭᠰᠡᠨ ᠪᠠᠢᠢᠨ᠎ᠠ᠃

ᠠᠢᠢᠯᠴᠢᠯᠠᠯ ᠤᠨ ᠦᠶ᠎ᠡ ᠪᠡᠷ ᠶᠠᠫᠣᠨ ᠳᠤ ᠲᠡᠭᠦᠰᠴᠦ᠂ ᠠᠮᠵᠢᠯᠲᠠ ᠲᠠᠢ ᠠᠵᠢᠯᠯᠠᠵᠤ ᠪᠤᠢ ᠬᠦᠮᠦᠰ ᠪᠣᠯᠤᠨ ᠪᠣᠯᠪᠠᠰᠤᠷᠠᠯ᠂ ᠡᠷᠡᠭᠦᠯ ᠮᠡᠨᠳᠦ ᠢᠢᠨ ᠪᠠᠢᠢᠭᠤᠯᠤᠯᠭ᠎ᠠ ᠲᠠᠢ ᠲᠠᠨᠢᠯᠴᠠᠬᠤ ᠪᠠᠷ ᠲᠥᠯᠦᠪᠯᠡᠵᠦ ᠪᠠᠢᠢᠭ᠎ᠠ ᠪᠥᠭᠡᠳ ᠮᠣᠩ᠋ᠭᠤᠯ ᠤᠨ ᠢᠷᠡᠭᠡᠳᠦᠶ ᠢᠢ ᠠᠪᠴᠤ ᠶᠠᠪᠤᠬᠤ ᠬᠣᠢᠢᠴᠢ ᠦᠶ᠎ᠡ ᠢᠢᠨ ᠬᠢᠨ᠂ ᠶᠠᠫᠣᠨ ᠳᠤ ᠰᠤᠷᠤᠯᠴᠠᠵᠤ ᠢᠷᠡᠭᠡᠳ ᠵᠠᠯᠭᠠᠮᠵᠢ ᠦᠶ᠎ᠡ ᠪᠡᠨ ᠤᠳᠤᠷᠢᠳᠤᠨ ᠴᠢᠭᠯᠡᠭᠦᠯᠵᠦ ᠪᠠᠢᠢᠭ᠎ᠠ ᠡᠷᠬᠢᠮ ᠦᠳ ᠲᠡᠢ ᠠᠭᠤᠯᠵᠠᠬᠤ ᠭᠡᠵᠦ ᠪᠠᠢᠢᠭ᠎ᠠ ᠳᠤ ᠪᠠᠨ ᠴᠢᠩ ᠰᠡᠳᠬᠢᠯ ᠡᠴᠡ ᠪᠡᠨ ᠪᠠᠶᠠᠷ ᠲᠠᠢ ᠪᠠᠢᠢᠨ᠎ᠠ᠃

ᠡᠮᠦᠨᠡᠬᠢ ᠠᠢᠢᠯᠴᠢᠯᠠᠯ ᠤᠨ ᠦᠶ᠎ᠡ ᠪᠡᠷ ᠮᠣᠩ᠋ᠭᠤᠯᠴᠤᠳ «ᠬᠤᠪᠢᠲᠠᠢ ᠬᠦᠮᠦᠨ ᠬᠤᠷ ᠠ ᠪᠣᠷᠤᠭᠠᠨ ᠢᠢᠠᠷ» ᠬᠡᠮᠡᠨ ᠪᠡᠯᠭᠡᠰᠢᠶᠡᠳᠡᠭ ᠪᠣᠯᠬᠤ ᠢᠢ ᠮᠡᠳᠡᠭᠰᠡᠨ ᠪᠥᠭᠡᠳ ᠬᠤᠷ ᠠ ᠲᠤᠨᠤᠳᠠᠰᠤ ᠪᠠᠭ᠎ᠠ ᠲᠠᠢ᠂ ᠬᠠᠤᠷᠠᠶ ᠠᠭᠤᠷ ᠠᠮᠢᠰᠬᠤᠯ ᠲᠠᠢ ᠪᠦᠰᠡ ᠨᠤᠲᠤᠭ ᠲᠤ ᠠᠮᠢᠳᠤᠷᠠᠳᠠᠭ ᠬᠦᠮᠦᠰ ᠦᠨ ᠬᠤᠪᠢ ᠳᠤ «ᠤᠰᠤ ᠪᠣᠯ ᠴᠢᠨᠳᠠᠮᠠᠨᠢ ᠡᠷᠳᠡᠨᠢ» ᠭᠡᠳᠡᠭ ᠢ ᠮᠡᠳᠡᠷᠡᠭᠰᠡᠨ ᠪᠢᠯᠡ᠃

ᠥᠴᠦᠭᠡᠳᠦᠷ ᠮᠢᠨᠦ ᠪᠡᠶ᠎ᠡ ᠤᠯᠠᠭᠠᠨᠪᠠᠭᠠᠲᠤᠷ ᠬᠣᠲᠠ ᠢᠢᠨ ᠤᠰᠤ ᠰᠤᠪᠠᠭ ᠤᠨ ᠤᠳᠤᠷᠢᠳᠬᠤ ᠭᠠᠵᠠᠷ ᠪᠣᠯᠤᠨ ᠭᠠᠴᠤᠷᠠᠲᠤ ᠢᠢᠨ ᠤᠰᠤᠨ ᠤ ᠡᠬᠢ ᠡᠭᠦᠰᠪᠦᠷᠢ ᠲᠡᠢ ᠲᠠᠨᠢᠯᠴᠠᠵᠤ᠂ ᠠᠮᠢᠳᠤᠷᠠᠯ ᠢ ᠲᠡᠳᠬᠦᠭ᠍ᠴᠢ ᠤᠰᠤᠨ ᠤ ᠨᠥᠭᠡᠴᠡ ᠢᠢ ᠲᠣᠭᠲᠠᠪᠤᠷᠢ ᠲᠠᠢ ᠬᠠᠮᠠᠭᠠᠯᠠᠬᠤ ᠠᠰᠠᠭᠤᠳᠠᠯ ᠢ ᠰᠢᠢᠳᠪᠦᠷᠢᠯᠡᠬᠦ ᠢᠢᠨ ᠲᠥᠯᠦᠭᠡ ᠬᠣᠶᠠᠷ ᠣᠷᠤᠨ ᠤ ᠬᠦᠮᠦᠰ ᠬᠠᠮᠲᠤᠷᠠᠨ ᠠᠵᠢᠯᠯᠠᠵᠤ ᠪᠠᠢᠢᠭ᠎ᠠ ᠢᠢ ᠬᠠᠷᠠᠭᠠᠳ ᠰᠡᠳᠬᠢᠯ ᠶᠡᠬᠡᠳᠡ ᠬᠥᠳᠡᠯᠦᠭᠰᠡᠨ᠃ ᠠᠵᠠ ᠲᠣᠬᠢᠶᠠᠵᠤ ᠭᠠᠴᠤᠷᠠᠲᠤ ᠳᠤ ᠪᠣᠷᠤᠭ᠎ᠠ ᠣᠷᠤᠵᠤ ᠪᠠᠢᠢᠯ᠎ᠠ᠃

ᠬᠡᠴᠡᠭᠦᠦ ᠪᠡᠷᠬᠡ ᠴᠠᠭ ᠲᠤ ᠬᠣᠶᠠᠷ ᠣᠷᠤᠨ ᠤ ᠠᠷᠠᠳ ᠢᠷᠭᠡᠳ ᠦᠨ ᠨᠥᠬᠦᠷᠯᠡᠯ᠂ ᠰᠠᠢᠢᠬᠠᠨ ᠰᠡᠳᠬᠢᠯ ᠦᠨ ᠦᠨ᠎ᠡ ᠴᠡᠨ᠎ᠡ ᠢᠢ ᠮᠡᠳᠡᠷᠡᠳᠡᠭ᠃

1995 ᠣᠨ ᠤ ᠾᠠᠨ᠋ᠱᠢᠨ-ᠠᠸᠠᠵᠢ᠂ 2011᠂ 2024 ᠣᠨ ᠤ ᠬᠦᠴᠦᠲᠡᠢ ᠭᠠᠵᠠᠷ ᠬᠥᠳᠡᠯᠦᠯᠲᠡ ᠵᠡᠷᠭᠡ ᠪᠠᠢᠢᠭᠠᠯᠢ ᠢᠢᠨ ᠲᠣᠮᠣᠬᠠᠨ ᠭᠠᠮᠰᠢᠭ ᠲᠣᠬᠢᠶᠠᠯᠳᠤᠬᠤ ᠦᠶ᠎ᠡ ᠳᠥ ᠮᠣᠩ᠋ᠭᠤᠯ ᠤᠨ ᠠᠷᠠᠳ ᠲᠦᠮᠡᠨ ᠴᠠᠭ ᠠᠯᠳᠠᠯ ᠦᠭᠡᠢ ᠶᠠᠫᠣᠨ ᠤ ᠠᠷᠠᠳ ᠲᠦᠮᠡᠨ ᠳᠥ ᠲᠤᠰᠠᠯᠠᠮᠵᠢ ᠢᠢᠨ ᠭᠠᠷ ᠢᠶᠠᠨ ᠰᠤᠩ᠋ᠭᠠᠭᠰᠠᠨ ᠪᠢᠯᠡ᠃ ᠪᠢᠳᠡᠨ ᠳᠥ ᠤᠷᠮ᠎ᠠ ᠵᠣᠷᠢᠭ ᠥᠭ᠍ᠭᠦᠭ᠍ᠰᠡᠨ ᠮᠣᠩ᠋ᠭᠤᠯᠴᠤᠳ ᠤᠨ ᠬᠠᠯᠠᠭᠤᠨ ᠰᠡᠳᠬᠢᠯ ᠢ ᠮᠠᠷᠲᠠᠬᠤ ᠢᠢᠨ ᠠᠷᠭ᠎ᠠ ᠦᠭᠡᠢ ᠶᠤᠮ᠃

ᠥᠨᠦᠳᠦᠷ ᠦᠨ ᠬᠣᠶᠠᠷ ᠣᠷᠤᠨ ᠤ ᠭᠦᠨ ᠭᠦᠨᠵᠡᠭᠡᠶ ᠨᠠᠢᠢᠷᠠᠮᠳᠠᠯᠲᠤ ᠬᠠᠷᠢᠯᠴᠠᠭ᠎ᠠ᠂ ᠲᠡᠭᠦᠨ ᠳᠥ ᠲᠤᠯᠭᠠᠭᠤᠷᠢᠯᠠᠭᠰᠠᠨ ᠬᠦᠮᠦᠨ ᠦ ᠨᠥᠭᠡᠴᠡ ᠢᠢᠨ ᠬᠥᠭ᠍ᠵᠢᠯ᠂ ᠪᠦᠲᠦᠭᠡᠬᠦ ᠤᠬᠠᠭᠠᠨ᠂ ᠡᠷᠡᠭᠦᠯ ᠮᠡᠨᠳᠦ᠂ ᠰᠫᠣᠷᠲ᠂ ᠪᠠᠢᠢᠭᠠᠯᠢ ᠣᠷᠴᠢᠨ ᠵᠡᠷᠭᠡ ᠣᠯᠠᠨ ᠰᠠᠯᠪᠤᠷᠢ ᠢᠢ ᠬᠠᠮᠤᠷᠤᠭᠰᠠᠨ ᠬᠠᠮᠲᠤ ᠢᠢᠨ ᠠᠵᠢᠯᠯᠠᠭᠠᠨ ᠤ ᠬᠥᠭ᠍ᠵᠢᠯ ᠦᠨ ᠦᠨᠳᠦᠰᠦ ᠰᠠᠭᠤᠷᠢ ᠨᠢ ᠳ᠋ᠢᠫᠯᠣᠮᠠᠲ ᠬᠠᠷᠢᠯᠴᠠᠭ᠎ᠠ ᠲᠣᠭᠲᠠᠭᠠᠬᠤ ᠠᠴᠠ ᠡᠮᠦᠨᠡᠬᠢ ᠬᠣᠶᠠᠷ ᠣᠷᠤᠨ ᠤ ᠠᠬᠠᠮᠠᠳ ᠦᠶ᠎ᠡ ᠢᠢᠨ ᠬᠢᠨ ᠦ ᠣᠯᠠᠨ ᠵᠢᠯ ᠦᠨ ᠬᠠᠮᠲᠤ ᠢᠢᠨ ᠠᠵᠢᠯᠯᠠᠭ᠎ᠠ ᠪᠠᠢᠢᠭᠰᠠᠨ ᠢ ᠮᠠᠷᠲᠠᠵᠤ ᠪᠣᠯᠬᠤ ᠦᠭᠡᠢ ᠭᠡᠵᠦ ᠪᠣᠳᠤᠳᠠᠭ ᠶᠤᠮ᠃

ᠬᠣᠶᠠᠷ ᠣᠷᠤᠨ ᠤ ᠬᠠᠷᠢᠯᠴᠠᠭᠠᠨ ᠤ ᠬᠥᠭ᠍ᠵᠢᠯ ᠳᠥ ᠵᠢᠷᠦᠬᠡ ᠰᠡᠳᠬᠢᠯ ᠢᠶᠡᠨ ᠵᠣᠷᠢᠭᠤᠯᠤᠨ᠂ ᠣᠯᠠᠨ ᠰᠠᠭᠠᠳ ᠪᠡᠷᠬᠡᠰᠢᠶᠡᠯ ᠢ ᠳᠠᠪᠠᠨ ᠲᠤᠭᠤᠯᠵᠤ᠂ ᠬᠦᠴᠦ ᠴᠢᠳᠠᠯ ᠢᠶᠠᠨ ᠳᠠᠢᠢᠴᠢᠯᠠᠵᠤ ᠢᠷᠡᠭᠰᠡᠨ ᠪᠦᠬᠦ ᠬᠦᠮᠦᠨ ᠳᠥ ᠭᠦᠨ ᠬᠦᠨᠳᠦᠳᠬᠡᠯ ᠢᠯᠡᠷᠬᠡᠢᠢᠯᠡᠵᠦ ᠪᠠᠢᠢᠨ᠎ᠠ᠃

ᠬᠣᠶᠠᠷ ᠣᠷᠤᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠨᠥᠭᠡᠴᠡ ᠪᠣᠯᠤᠯᠴᠠᠭ᠎ᠠ ᠨᠢ ᠮᠣᠩ᠋ᠭᠤᠯ ᠣᠷᠤᠨ ᠤ ᠠᠭᠤᠳᠠᠮ ᠲᠠᠯ᠎ᠠ ᠨᠤᠲᠤᠭ ᠮᠡᠲᠦ ᠵᠠᠬ᠎ᠠ ᠬᠢᠵᠠᠭᠠᠷ ᠦᠭᠡᠢ ᠪᠢᠯᠡ᠃ ᠴᠢᠨᠠᠭᠰᠢᠳᠠ ᠬᠣᠶᠠᠷ ᠣᠷᠤᠨ ᠤ ᠭᠦᠭᠦᠷᠭᠡ ᠪᠣᠯᠬᠤ ᠵᠠᠯᠠᠭᠤ ᠦᠶ᠎ᠡ ᠢᠢᠨ ᠬᠢᠨ ᠮᠠᠨᠢ ᠠᠬᠠᠮᠠᠳ ᠦᠶ᠎ᠡ ᠢᠢᠨ ᠢᠶᠡᠨ ᠦᠢᠯᠡ ᠬᠡᠷᠡᠭ ᠢ ᠵᠠᠯᠭᠠᠮᠵᠢᠯᠠᠵᠤ᠂ ᠠᠭᠤᠳᠠᠮ ᠲᠠᠯ᠎ᠠ ᠳᠤ ᠴᠠᠴᠠᠭᠰᠠᠨ ᠬᠠᠮᠲᠤ ᠢᠢᠨ ᠠᠵᠢᠯᠯᠠᠭᠠᠨ ᠤ ᠦᠷ᠎ᠡ ᠰᠣᠶᠣᠭᠠᠯᠠᠨ ᠤᠷᠭᠤᠵᠤ᠂ ᠣᠯᠠᠨ ᠰᠠᠢᠢᠬᠠᠨ ᠴᠡᠴᠡᠭ ᠳᠡᠯᠭᠡᠷᠡᠬᠦ ᠯᠤᠭ᠎ᠠ ᠠᠳᠠᠯᠢ ᠠᠮᠵᠢᠯᠲᠠ ᠲᠠᠢ ᠠᠵᠢᠯᠯᠠᠭᠠᠰᠠᠶ ᠭᠡᠵᠦ ᠬᠦᠰᠡᠵᠦ ᠪᠠᠢᠢᠨ᠎ᠠ᠃

ᠮᠥᠨ ᠵᠠᠯᠠᠭᠤᠴᠤᠳ ᠡᠷᠴᠢ ᠬᠦᠴᠦ ᠪᠡᠨ ᠪᠦᠷᠢᠨ ᠳᠠᠢᠢᠴᠢᠯᠠᠭᠰᠠᠨ ᠢᠶᠠᠷ ᠬᠣᠶᠠᠷ ᠣᠷᠤᠨ ᠤ ᠬᠠᠷᠢᠯᠴᠠᠭ᠎ᠠ ᠮᠣᠩ᠋ᠭᠤᠯ ᠤᠨ ᠬᠥᠬᠡ ᠲᠩᠷᠢ ᠮᠡᠲᠦ ᠥᠨᠳᠦᠷ ᠡᠴᠡ ᠥᠨᠳᠦᠷ ᠲᠥ ᠮᠥᠩᠬᠡᠳᠡ ᠥᠷᠭᠡᠵᠢᠨ ᠬᠥᠭ᠍ᠵᠢᠭᠡᠰᠡᠶ ᠭᠡᠵᠦ ᠬᠦᠰᠡᠵᠦ ᠪᠠᠢᠢᠨ᠎ᠠ᠃

ᠥᠨᠦᠳᠦᠷ ᠦᠨ ᠭᠠᠢᠢᠬᠠᠯᠲᠠᠢ ᠣᠷᠤᠶ ᠢᠢᠨ ᠵᠣᠭᠤᠭ ᠢ ᠪᠠᠷᠢᠵᠤ ᠪᠤᠢ ᠮᠣᠩ᠋ᠭᠤᠯ ᠤᠯᠤᠰ ᠤᠨ ᠶᠡᠷᠦᠩᠬᠡᠢᠢᠯᠡᠭᠴᠢ᠂ ᠡᠷᠬᠢᠮᠰᠦᠭ ᠨᠣᠶᠠᠨ ᠤᠬᠤᠨ᠎ᠠ ᠢᠢᠨ ᠬᠦᠷᠡᠯᠰᠦ᠋ᠬᠡ ᠪᠣᠯᠤᠨ ᠲᠡᠷᠢᠭᠦᠨ ᠬᠠᠲᠤᠭᠲᠠᠶ ᠯᠤᠪᠰᠠᠩᠳᠣᠷᠵᠢ ᠢᠢᠨ ᠪᠣᠯᠤᠷᠴᠡᠴᠡᠭ᠌ ᠨᠠᠷ ᠲᠤ ᠲᠠᠯᠠᠷᠬᠠᠯ ᠢᠯᠡᠷᠬᠡᠢᠢᠯᠡᠬᠦ ᠢᠢᠨ ᠢᠯᠳᠠᠮ ᠳᠤ ᠬᠣᠶᠠᠷ ᠣᠷᠤᠨ ᠤ ᠠᠷᠠᠳ ᠲᠦᠮᠡᠨ ᠳᠥ ᠡᠷᠡᠭᠦᠯ ᠡᠩᠬᠡ᠂ ᠠᠵᠠ ᠵᠢᠷᠭᠠᠯ᠂ ᠶᠠᠫᠣᠨ ᠤᠯᠤᠰ᠂ ᠮᠣᠩ᠋ᠭᠤᠯ ᠤᠯᠤᠰ ᠤᠨ ᠬᠠᠷᠢᠯᠴᠠᠭ᠎ᠠ ᠤᠯᠠᠮ ᠪᠦᠷᠢ ᠴᠡᠴᠡᠭᠯᠡᠨ ᠬᠥᠭ᠍ᠵᠢᠬᠦ ᠢᠢ ᠬᠦᠰᠡᠨ ᠢᠷᠦᠭᠡᠶ ᠡ᠃