Та "Internet explorer"-ийн сүүлийн хувилбар болох "Microsoft edge"-г ашиглана уу

Хэрэв "Microsoft edge"-г татах бол энд дарж татаж авна уу

ᠴᠣᠭ ᠵᠢᠪᠬᠤᠯᠠᠩᠲᠤ ᠡᠵᠡᠨ ᠬᠠᠭᠠᠨ ᠨᠠᠷᠦ᠋ᠾᠢᠲ᠋ᠣ᠂ ᠡᠷᠬᠢᠮ ᠳᠡᠭᠡᠳᠦ ᠬᠠᠲᠤᠨ ᠮᠠᠰᠠᠻᠣ ᠨᠠᠷ ᠨᠡᠢᠢᠰᠯᠡᠯ ᠦᠨ ᠶᠡᠷᠦᠩᠬᠡᠶ ᠪᠣᠯᠪᠠᠰᠤᠷᠠᠯ ᠤᠨ 149 ᠊ᠳ᠋ᠦᠭᠡᠷ ᠰᠤᠷᠭᠠᠭᠤᠯᠢ ᠳᠤ ᠵᠣᠴᠢᠯᠠᠯ᠎ᠠ

ᠶᠠᠫᠣᠨ ᠤ ᠵᠠᠰᠠᠭ ᠤᠨ ᠭᠠᠵᠠᠷ ᠤᠨ ᠬᠥᠭ᠍ᠵᠢᠯ ᠦᠨ ᠠᠯᠪᠠᠨ ᠶᠣᠰᠤᠨ ᠤ ᠲᠤᠰᠠᠯᠠᠮᠵᠢ ᠢᠢᠨ ᠪᠤᠴᠠᠯᠲᠠ ᠦᠭᠡᠢ ᠲᠤᠰᠠᠯᠠᠮᠵᠢ ᠪᠠᠷ 2017-2021 ᠣᠨ ᠳᠤ «ᠤᠯᠠᠭᠠᠨᠪᠠᠭᠠᠲᠤᠷ ᠬᠣᠲᠠ ᠢᠢᠨ ᠪᠠᠭ᠎ᠠ ᠳᠤᠮᠳᠠ ᠪᠣᠯᠪᠠᠰᠤᠷᠠᠯ ᠤᠨ ᠰᠤᠷᠭᠠᠭᠤᠯᠢ ᠢᠢᠨ ᠪᠠᠷᠢᠯᠭ᠎ᠠ ᠪᠠᠢᠢᠭᠤᠯᠤᠮᠵᠢ ᠢᠢ ᠰᠠᠢᠢᠵᠢᠷᠠᠭᠤᠯᠬᠤ» ᠲᠥᠰᠦᠯ ᠬᠡᠷᠡᠭᠵᠢᠭᠰᠡᠨ᠃

ᠡᠨᠡ ᠬᠦᠷᠢᠶᠡᠨ ᠳᠥ ᠴᠢᠩᠭᠡᠯᠲᠡᠶ᠂ ᠬᠠᠨ-ᠠᠭᠤᠯᠠ ᠳᠡᠭᠦᠷᠭᠡ ᠳᠥ 149, 75 ᠳ᠋ᠤᠭᠠᠷ ᠰᠤᠷᠭᠠᠭᠤᠯᠢ ᠢᠢ ᠰᠢᠨ᠎ᠡ ᠪᠡᠷ ᠪᠠᠷᠢᠵᠤ᠂ ᠨᠠᠯᠠᠢᠢᠬᠤ᠂ ᠪᠠᠶᠠᠨᠵᠢᠷᠦᠬᠡ ᠳᠡᠭᠦᠷᠭᠡ ᠢᠢᠨ ᠶᠡᠷᠦᠩᠬᠡᠶ ᠪᠣᠯᠪᠠᠰᠤᠷᠠᠯ ᠤᠨ 109, 53 ᠳ᠋ᠤᠭᠠᠷ ᠰᠤᠷᠭᠠᠭᠤᠯᠢ ᠢᠢ ᠦᠷᠭᠡᠳᠭᠡᠭᠡᠳ ᠪᠠᠢᠢᠨ᠎ᠠ᠃

149 ᠊ᠳ᠋ᠦᠭᠡᠷ ᠰᠤᠷᠭᠠᠭᠤᠯᠢ ᠨᠢ 18 ᠠᠩᠭᠢ᠂ ᠲᠠᠩᠬᠢᠮ ᠲᠠᠢ᠂ 720 ᠬᠡᠦᠬᠡᠳ ᠦᠨ ᠬᠦᠴᠦᠨ ᠴᠢᠳᠠᠯ ᠲᠠᠢ᠃ ᠰᠤᠷᠭᠠᠭᠤᠯᠢ ᠢᠢᠨ ᠪᠠᠷᠢᠯᠭ᠎ᠠ᠂ ᠪᠠᠢᠢᠭᠤᠯᠤᠮᠵᠢ ᠢᠢ ᠬᠥᠭ᠍ᠵᠢᠯ ᠦᠨ ᠪᠡᠷᠬᠡᠰᠢᠶᠡᠯᠲᠡᠶ ᠢᠷᠭᠡᠨ ᠳᠥ ᠡᠭᠡᠯᠢᠲᠡᠢ᠂ ᠵᠣᠷᠴᠢᠬᠤ ᠳᠤ ᠰᠠᠭᠠᠳ ᠪᠠᠷᠲᠠᠭ᠎ᠠ ᠦᠭᠡᠢ ᠪᠠᠢᠢᠬᠤ ᠪᠠᠷ ᠲᠥᠯᠦᠪᠯᠡᠭᠰᠡᠨ᠂ ᠭᠠᠵᠠᠷ ᠬᠥᠳᠡᠯᠦᠯᠲᠡ ᠢᠢᠨ 8 ᠪᠠᠯᠯ ᠳᠤ ᠲᠡᠰᠪᠦᠷᠢ ᠲᠡᠢ ᠲᠤᠯᠠ ᠭᠠᠮᠰᠢᠭ ᠤᠨ ᠦᠶ᠎ᠡ ᠳᠥ ᠲᠦᠷ ᠬᠣᠷᠭᠤᠳᠠᠬᠤ ᠪᠠᠢᠢᠷᠢ ᠪᠣᠯᠭᠠᠨ ᠠᠰᠢᠭᠯᠠᠬᠤ ᠪᠣᠯᠤᠮᠵᠢ ᠲᠠᠢ ᠶᠤᠮ᠃