ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠤᠯᠭᠤᠷ ᠲᠥᠷᠦ ᠢᠢᠨ 2234᠂ ᠶᠡᠬᠡ ᠮᠣᠩ᠋ᠭᠤᠯ ᠤᠯᠤᠰ ᠪᠠᠢᠢᠭᠤᠯᠤᠭᠳᠠᠭᠰᠠᠨ ᠤ 819᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 114᠂ ᠠᠷᠠᠳ ᠤᠨ ᠬᠤᠪᠢᠰᠬᠠᠯ ᠤᠨ 104᠂ ᠠᠷᠠᠳᠴᠢᠯᠠᠭᠰᠠᠨ ᠬᠤᠪᠢᠰᠬᠠᠯ ᠤᠨ 35 ᠵᠢᠯ ᠦᠨ ᠣᠢ ᠢᠢ ᠲᠣᠬᠢᠶᠠᠯᠳᠤᠭᠤᠯᠤᠨ ᠵᠠᠷᠯᠢᠭ ᠪᠠᠭᠤᠯᠭᠠᠵᠤ᠂ ᠰᠢᠯᠢᠳᠡᠭ ᠪᠦᠲᠦᠭᠡᠯ ᠦᠳ ᠲᠥ ᠲᠥᠷᠦ ᠢᠢᠨ ᠱᠠᠩᠨᠠᠯ ᠬᠦᠷᠲᠡᠭᠡᠯ᠎ᠡ᠃
- ᠳᠡᠯᠡᠬᠡᠶ ᠢᠢᠨ ᠰᠣᠩ᠋ᠭᠤᠳᠠᠭ ᠤᠷᠠᠨ ᠵᠣᠬᠢᠶᠠᠯ ᠤᠨ ᠰᠢᠯᠢᠳᠡᠭ ᠪᠦᠲᠦᠭᠡᠯ ᠦᠳ ᠢ ᠤᠳᠬ᠎ᠠ ᠰᠠᠨᠠᠭ᠎ᠠ᠂ ᠬᠡᠯᠡ ᠨᠠᠢᠢᠷᠠᠭᠤᠯᠭ᠎ᠠ᠂ ᠳᠦᠷᠢ ᠳᠦᠷᠰᠦᠯᠡᠯ ᠦᠨ ᠰᠣᠩ᠋ᠭᠤᠳᠠᠭ ᠴᠢᠨᠠᠷ ᠢ ᠠᠯᠳᠠᠭᠳᠠᠭᠤᠯᠤᠯ ᠦᠭᠡᠢ ᠪᠡᠷ ᠮᠣᠩ᠋ᠭᠤᠯ ᠬᠡᠯᠡᠨ᠎ᠡ ᠪᠠᠭᠤᠯᠭᠠᠵᠤ᠂ ᠣᠷᠴᠢᠭᠤᠯᠤᠭᠴᠢ ᠢᠢᠨ ᠠᠷᠭ᠎ᠠ ᠪᠠᠷᠢᠯ᠂ ᠤᠷᠠᠨ ᠴᠢᠳᠠᠪᠤᠷᠢ᠂ ᠴᠢᠨᠠᠷ ᠴᠢᠨᠰᠠᠭ᠎ᠠ ᠪᠠᠷ ᠢᠶᠠᠨ ᠤᠳᠬ᠎ᠠ ᠵᠣᠬᠢᠶᠠᠯ ᠤᠨ ᠣᠷᠴᠢᠭᠤᠯᠭ᠎ᠠ ᠢᠢᠨ ᠪᠦᠲᠦᠭᠡᠯ ᠦᠨ ᠰᠠᠩ ᠢ ᠪᠠᠶᠠᠵᠢᠭᠤᠯᠤᠨ᠂ ᠮᠣᠩ᠋ᠭᠤᠯ ᠤᠨ ᠤᠳᠬ᠎ᠠ ᠵᠣᠬᠢᠶᠠᠯ ᠤᠨ ᠣᠷᠴᠢᠭᠤᠯᠭ᠎ᠠ ᠢᠢᠨ ᠰᠠᠯᠪᠤᠷᠢ ᠳᠤ ᠵᠢᠩᠲᠡᠢ ᠬᠤᠪᠢ ᠨᠡᠮᠡᠷᠢ ᠣᠷᠤᠭᠤᠯᠤᠭᠰᠠᠨ ᠰᠣᠶᠤᠯ ᠤᠨ ᠭᠠᠪᠢᠶᠠᠲᠤ ᠵᠢᠳᠬᠦᠯᠲᠡᠨ᠂ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ᠂ ᠳ᠋ᠣᠻᠲ᠋ᠤᠷ᠂ ᠫᠷᠣᠹᠧᠰᠰᠤᠷ ᠳᠠᠭᠪᠠ ᠢᠢᠨ ᠴᠠᠬᠢᠯᠭᠠᠨ ᠤ ᠣᠷᠴᠢᠭᠤᠯᠤᠭᠰᠠᠨ ᠡᠷᠲᠡᠨ ᠦ ᠭᠷᠧᠻ ᠦᠨ ᠠᠯᠳᠠᠷᠲᠤ ᠵᠣᠬᠢᠶᠠᠯᠴᠢ᠂ ᠾᠣᠮᠧᠷ ᠤᠨ «ᠣᠳᠢᠰᠰᠧᠶ»᠂ «ᠢᠯᠢᠶᠠᠳᠠ» ᠣᠷᠴᠢᠭᠤᠯᠭ᠎ᠠ ᠢᠢᠨ ᠪᠦᠲᠦᠭᠡᠯ ᠦᠳ᠂
- ᠰᠣᠶᠤᠯ ᠤᠷᠠᠯᠢᠭ ᠤᠨ ᠰᠠᠯᠪᠤᠷᠢ ᠳᠤ 45 ᠵᠢᠯ ᠦᠨ ᠬᠥᠳᠡᠯᠮᠦᠷᠢ ᠪᠡᠨ ᠵᠣᠷᠢᠭᠤᠯᠵᠤ᠂ ᠣᠷᠴᠢᠨ ᠦᠶ᠎ᠡ ᠢᠢᠨ ᠷᠣᠻ ᠫᠣᠫ ᠬᠥᠭ᠍ᠵᠢᠮ ᠦᠨ ᠤᠷᠠᠯᠢᠭ᠂ ᠳᠠᠭᠤᠨ ᠤ ᠢᠷᠠᠭᠤ ᠨᠠᠢᠢᠷᠠᠭ᠂ ᠪᠠᠷᠢᠮᠲᠠᠲᠤ ᠤᠷᠠᠨ ᠵᠣᠬᠢᠶᠠᠯ ᠢ ᠬᠥᠭ᠍ᠵᠢᠭᠦᠯᠬᠦ ᠳᠥ ᠠᠪᠢᠶᠠᠰ ᠴᠢᠳᠠᠪᠤᠷᠢ ᠪᠠᠨ ᠳᠠᠢᠢᠴᠢᠯᠠᠨ᠂ ᠡᠬᠡ ᠣᠷᠤᠨ᠂ ᠶᠡᠬᠡ ᠲᠡᠦᠬᠡ᠂ ᠦᠨᠳᠦᠰᠦᠨ ᠦ ᠪᠠᠬᠠᠷᠬᠠᠯ᠂ ᠦᠨᠡᠲᠦ ᠵᠦᠢᠯᠡᠰ ᠢ ᠪᠡᠬᠢᠵᠢᠭᠦᠯᠵᠦ᠂ ᠬᠦᠮᠦᠨ ᠲᠥᠷᠦᠯᠬᠢᠲᠡᠨ ᠦ ᠮᠥᠩᠬᠡ ᠢᠢᠨ ᠰᠡᠳᠦᠪ ᠪᠣᠯᠬᠤ ᠡᠴᠢᠭᠡ᠂ ᠡᠬᠡ ᠢᠢᠨ ᠬᠠᠢᠢᠷ᠎ᠠ᠂ ᠬᠠᠢᠢᠷ᠎ᠠ ᠰᠡᠳᠬᠢᠯ ᠦᠨ ᠣᠯᠠᠨ ᠰᠢᠯᠢᠳᠡᠭ ᠪᠦᠲᠦᠭᠡᠯ ᠲᠤᠭᠤᠷᠪᠢᠭᠰᠠᠨ ᠠᠷᠠᠳ ᠤᠨ ᠵᠦᠵᠦᠭᠡᠴᠢᠨ᠂ ᠬᠥ᠍ᠭ᠍ᠵᠢᠮ ᠦᠨ ᠵᠣᠬᠢᠶᠠᠯᠴᠢ᠂ ᠢᠷᠠᠭᠤ ᠨᠠᠢᠢᠷᠠᠭᠴᠢ᠂ «ᠴᠢᠩᠬᠢᠰ ᠬᠠᠭᠠᠨ» ᠬᠠᠮᠲᠤᠯᠢᠭ ᠤᠨ ᠠᠬᠠᠯᠠᠭᠴᠢ ᠳᠠᠰᠢᠵᠡᠭ᠍ᠪᠡ ᠢᠢᠨ ᠵᠢᠷᠭᠠᠯᠰᠠᠢᠢᠬᠠᠨ ᠤ ᠦᠭᠡ᠂ ᠠᠶ᠎ᠠ «ᠴᠢᠩᠬᠢᠰ ᠬᠠᠭᠠᠨ» ᠷᠣᠻ ᠳᠠᠭᠤᠯᠠᠯ᠂ «ᠴᠢᠩᠬᠢᠰ ᠦᠨ ᠪᠠᠭᠠᠲᠤᠷ ᠤᠳ»᠂ «ᠲᠠᠮᠢᠷᠴᠢᠨ ᠤ ᠶᠠᠯᠠᠯᠲᠠ ᠬᠢᠮᠳᠠᠬᠠᠨ ᠣᠯᠠᠳᠠᠭᠠ ᠦᠭᠡᠢ» ᠪᠦᠲᠦᠭᠡᠯ ᠦᠳ᠂
- ᠥᠨᠢ ᠡᠷᠲᠡᠨ ᠡᠴᠡ ᠲᠥᠪ ᠠᠽᠢ ᠪᠣᠯᠤᠨ ᠮᠣᠩ᠋ᠭᠤᠯ ᠣᠷᠤᠨ ᠤ ᠭᠣᠪᠢ᠂ ᠣᠢᠢᠲᠤ ᠬᠡᠭᠡᠷ᠎ᠡ᠂ ᠲᠠᠯ᠎ᠠ ᠬᠡᠭᠡᠷ᠎ᠡ ᠢᠢᠨ ᠨᠤᠲᠤᠭ ᠲᠤ ᠲᠠᠷᠬᠠᠨ ᠠᠮᠢᠳᠤᠷᠠᠵᠤ᠂ 20 ᠳ᠋ᠤᠭᠠᠷ ᠵᠠᠭᠤᠨ ᠤ ᠳᠤᠮᠳᠠ ᠦᠶ᠎ᠡ ᠳᠥ ᠪᠦᠷᠢᠨ ᠤᠰᠠᠳᠤᠭᠰᠠᠨ ᠲᠠᠬᠢ ᠢᠢ ᠡᠬᠡ ᠣᠷᠤᠨ ᠤ ᠪᠠᠨ ᠤᠨᠠᠭᠠᠨ ᠪᠠᠢᠢᠭᠠᠯᠢ᠂ ᠤᠤᠭᠠᠯ ᠨᠤᠲᠤᠭ ᠲᠤ ᠨᠢ ᠠᠮᠵᠢᠯᠲᠠ ᠲᠠᠢ ᠨᠤᠲᠤᠭᠰᠢᠭᠤᠯᠵᠤ᠂ ᠵᠡᠷᠯᠢᠭ ᠤᠳᠤᠮ ᠢ ᠨᠢ ᠰᠡᠷᠭᠦᠭᠡᠨ᠂ ᠤᠰᠠᠳᠬᠤ ᠠᠶᠤᠯ ᠠᠴᠠ ᠬᠠᠮᠠᠭᠠᠯᠠᠵᠤ᠂ ᠮᠣᠩ᠋ᠭᠤᠯ ᠤᠯᠤᠰ ᠤᠨ ᠲᠡᠳᠦᠶ ᠦᠭᠡᠢ ᠣᠯᠠᠨ ᠤᠯᠤᠰ ᠤᠨ ᠪᠠᠢᠢᠭᠠᠯᠢ ᠬᠠᠮᠠᠭᠠᠯᠠᠯ᠂ ᠪᠠᠢᠢᠭᠠᠯᠢ ᠢᠢᠨ ᠰᠢᠨᠵᠢᠯᠡᠬᠦ ᠤᠬᠠᠭᠠᠨ ᠤ ᠰᠠᠯᠪᠤᠷᠢ ᠢᠢᠨ ᠬᠥᠭ᠍ᠵᠢᠯ ᠳᠥ ᠵᠢᠩᠲᠡᠢ ᠬᠤᠪᠢ ᠨᠡᠮᠡᠷᠢ ᠣᠷᠤᠭᠤᠯᠤᠭᠰᠠᠨ «ᠲᠠᠬᠢ ᠠᠳᠤᠭᠤ ᠢᠢ ᠰᠡᠷᠭᠦᠭᠡᠨ ᠨᠤᠲᠤᠭᠰᠢᠭᠤᠯᠵᠤ᠂ ᠵᠡᠷᠯᠢᠭᠰᠢᠭᠦᠯᠦᠭᠰᠡᠨ ᠠᠵᠢᠯ» ᠰᠡᠳᠦᠪᠲᠦ ᠪᠦᠲᠦᠭᠡᠯ ᠲᠥᠷᠦ ᠢᠢᠨ ᠱᠠᠩᠨᠠᠯ ᠬᠦᠷᠲᠡᠯ᠎ᠡ᠃
ᠲᠠᠬᠢ ᠠᠳᠤᠭᠤ ᠢᠢ ᠨᠤᠲᠤᠭᠰᠢᠭᠤᠯᠬᠤ ᠪᠠᠭ ᠤᠨ ᠭᠡᠰᠢᠭᠦᠳ ᠢᠶᠡᠷ:
- ᠪᠠᠢᠢᠭᠠᠯᠢ ᠣᠷᠴᠢᠨ ᠤ ᠭᠠᠪᠢᠶᠠᠲᠤ ᠠᠵᠢᠯᠲᠠᠨ᠂ ᠳ᠋ᠣᠻᠲ᠋ᠤᠷ᠂ ᠫᠷᠣᠹᠧᠰᠰᠤᠷ ᠨᠠᠮᠠᠬᠠᠶ ᠢᠢᠨ ᠪᠠᠨᠳᠢ᠂ ᠤᠰᠤ᠂ ᠴᠠᠭ ᠠᠭᠤᠷ᠂ ᠣᠷᠴᠢᠨ ᠤ ᠰᠤᠳᠤᠯᠭ᠎ᠠ᠂ ᠮᠡᠳᠡᠭᠡᠯᠡᠯ ᠦᠨ ᠬᠦᠷᠢᠶᠡᠯᠡᠩ ᠦᠨ ᠰᠢᠨᠵᠢᠯᠡᠬᠦ ᠤᠬᠠᠭᠠᠨ ᠤ ᠵᠥᠪᠯᠡᠬᠦ᠂ ᠮᠣᠩ᠋ᠭᠤᠯ ᠤᠯᠤᠰ ᠤᠨ ᠪᠠᠢᠢᠭᠠᠯᠢ ᠣᠷᠴᠢᠨ ᠤ ᠭᠠᠪᠢᠶᠠᠲᠤ ᠠᠵᠢᠯᠲᠠᠨ᠂ ᠳ᠋ᠣᠻᠲ᠋ᠤᠷ ᠵᠠᠮᠪᠠ ᠢᠢᠨ ᠪᠠᠲᠤᠵᠢᠷᠭᠠᠯ᠂ «ᠣᠯᠠᠨ ᠤᠯᠤᠰ ᠤᠨ ᠲᠠᠬᠢ ᠭᠷᠦ᠋ᠫ» ᠦᠨ ᠵᠥᠪᠯᠡᠬᠦ᠂ ᠪᠠᠢᠢᠭᠠᠯᠢ ᠣᠷᠴᠢᠨ ᠤ ᠭᠠᠪᠢᠶᠠᠲᠤ ᠠᠵᠢᠯᠲᠠᠨ᠂ ᠳ᠋ᠣᠻᠲ᠋ᠤᠷ᠂ ᠫᠷᠣᠹᠧᠰᠰᠤᠷ ᠸᠴᠢᠷ ᠤᠨ ᠳᠣᠷᠵᠢᠷ ᠠ᠂ ᠪᠢᠣᠯᠣᠭᠢ ᠢᠢᠨ ᠣᠯᠠᠨ ᠶᠠᠩᠵᠤ ᠪᠠᠢᠢᠳᠠᠯ ᠢ ᠬᠠᠮᠠᠭᠠᠯᠠᠬᠤ᠂ ᠠᠭᠤᠷ ᠠᠮᠢᠰᠬᠤᠯ ᠤᠨ ᠥᠭᠡᠷᠡᠴᠢᠯᠡᠯᠲᠡ ᠳᠥ ᠳᠠᠰᠤᠨ ᠵᠣᠬᠢᠴᠠᠬᠤ ᠲᠥᠰᠦᠯ ᠦᠨ ᠦᠨᠳᠦᠰᠦᠨ ᠦ ᠠᠬᠠᠯᠠᠬᠤ ᠵᠥᠪᠯᠡᠬᠦ᠂ ᠳ᠋ᠣᠻᠲ᠋ᠤᠷ ᠫᠡᠷᠢᠩᠯᠡᠶ ᠢᠢᠨ ᠭᠠᠯᠷᠠᠭᠴᠠ᠂ ᠶᠡᠬᠡ ᠭᠣᠪᠢ ᠢᠢᠨ ᠳᠠᠷᠬᠠᠨ ᠴᠠᠭᠠᠵᠠᠲᠤ ᠭᠠᠵᠠᠷ ᠤᠨ «ᠪ᠊» ᠬᠡᠰᠡᠭ ᠦᠨ ᠬᠠᠮᠠᠭᠠᠯᠠᠯᠲᠠ ᠢᠢᠨ ᠵᠠᠬᠢᠷᠭᠠᠨ ᠤ ᠳᠠᠷᠤᠭ᠎ᠠ ᠠᠰᠠᠨ ᠣᠶᠤᠨᠰᠠᠢᠢᠬᠠᠨ ᠤ ᠭᠠᠩᠪᠠᠭᠠᠲᠤᠷ ᠨᠠᠷ ᠠᠵᠢᠯᠯᠠᠵᠠᠶ᠃





