ᠲᠤᠯᠭᠤᠷ ᠲᠥᠷᠦ ᠢᠢᠨ 2234᠂ ᠶᠡᠬᠡ ᠮᠣᠩ᠋ᠭᠤᠯ ᠤᠯᠤᠰ ᠪᠠᠢᠢᠭᠤᠯᠤᠭᠳᠠᠭᠰᠠᠨ ᠤ 819᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 114᠂ ᠠᠷᠠᠳ ᠤᠨ ᠬᠤᠪᠢᠰᠬᠠᠯ ᠤᠨ 104᠂ ᠠᠷᠠᠳᠴᠢᠯᠠᠭᠰᠠᠨ ᠬᠤᠪᠢᠰᠬᠠᠯ ᠤᠨ 35 ᠵᠢᠯ ᠦᠨ ᠣᠢ ᠢᠢ ᠲᠣᠬᠢᠶᠠᠯᠳᠤᠭᠤᠯᠤᠨ ᠲᠥᠷᠦ ᠢᠢᠨ ᠶᠢᠰᠦᠨ ᠬᠥᠯᠲᠦ ᠶᠡᠬᠡ ᠴᠠᠭᠠᠨ ᠲᠤᠭ ᠢ ᠴᠡᠩ᠋ᠭᠡᠭᠦᠯᠦᠯᠡ᠃
ᠶᠡᠬᠡ ᠴᠠᠭᠠᠨ ᠲᠤᠭ ᠢ ᠲᠥᠷᠦ ᠢᠢᠨ ᠣᠷᠳᠤᠨ ᠠᠴᠠ ᠵᠠᠩᠵᠤᠨ ᠳᠠ᠊·ᠰᠦᠬᠡᠪᠠᠭᠠᠲᠤᠷ ᠤᠨ ᠲᠠᠯᠠᠪᠠᠢ ᠳᠤ ᠵᠠᠯᠠᠵᠤ᠂ ᠶᠢᠰᠦᠨ ᠰᠢᠷᠭ᠎ᠠ ᠮᠣᠷᠢᠲᠤ ᠴᠡᠷᠢᠭ ᠲᠥᠷᠦ ᠢᠢᠨ ᠣᠷᠳᠤᠨ ᠢ ᠨᠠᠷᠠᠨ ᠵᠥᠪ ᠭᠣᠷᠣᠭᠠᠯᠠᠨ ᠴᠡᠩ᠋ᠭᠡᠭᠦᠯᠬᠦ ᠦᠶ᠎ᠡ ᠳᠥ ᠵᠡᠪᠰᠡᠭᠲᠦ ᠬᠦᠴᠦᠨ ᠦ ᠦᠯᠢᠶᠡᠪᠦᠷᠢ ᠨᠠᠢᠢᠷᠠᠯ ᠬᠥᠭ᠍ᠵᠢᠮ ᠳᠥ ᠬᠦᠨᠳᠦᠳᠬᠡᠯ ᠦᠨ ᠠᠶ᠎ᠠ ᠡᠭᠡᠰᠢᠭᠯᠡᠯ᠎ᠡ᠃
ᠶᠡᠬᠡ ᠴᠠᠭᠠᠨ ᠲᠤᠭ ᠢ ᠴᠡᠩ᠋ᠭᠡᠭᠦᠯᠦᠭᠰᠡᠨ ᠦ ᠳᠠᠷᠠᠭ᠎ᠠ ᠲᠥᠷᠦ ᠢᠢᠨ ᠣᠷᠳᠤᠨ ᠤ ᠶᠣᠰᠤᠯᠠᠯ ᠬᠦᠨᠳᠦᠳᠬᠡᠯ ᠦᠨ ᠲᠠᠩᠬᠢᠮ ᠳᠤ ᠪᠤᠴᠠᠭᠠᠨ ᠵᠠᠯᠠᠯ᠎ᠠ᠃ ᠲᠥᠷᠦ ᠢᠢᠨ ᠶᠢᠰᠦᠨ ᠬᠥᠯᠲᠦ ᠶᠡᠬᠡ ᠴᠠᠭᠠᠨ ᠲᠤᠭ ᠢ ᠦᠨᠳᠦᠰᠦᠨ ᠦ ᠶᠡᠬᠡ ᠪᠠᠶᠠᠷ ᠨᠠᠭᠠᠳᠤᠮ ᠤᠨ ᠡᠮᠦᠨᠡᠬᠢ ᠡᠳᠦᠷ ᠴᠡᠩ᠋ᠭᠡᠭᠦᠯᠵᠦ᠂ ᠨᠠᠭᠠᠳᠤᠮ ᠤᠨ ᠨᠡᠭᠡᠭᠡᠯᠲᠡ ᠢᠢᠨ ᠡᠳᠦᠷ ᠲᠥᠪ ᠴᠡᠩ᠋ᠭᠡᠯᠳᠦᠬᠦ ᠬᠦᠷᠢᠶᠡᠯᠡᠩ ᠳᠥ ᠬᠦᠨᠳᠦᠳᠬᠡᠨ ᠵᠠᠯᠠᠳᠠᠭ ᠤᠯᠠᠮᠵᠢᠯᠠᠯ ᠲᠠᠢ ᠶᠤᠮ᠃








