Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠤᠯ ᠤᠯᠤᠰ ᠤᠨ ᠨᠠᠴᠢᠨ᠂ ᠬᠠᠷᠴᠠᠭ᠎ᠠ ᠴᠣᠯᠠ ᠢᠢᠨ ᠪᠣᠯᠵᠤᠯ ᠬᠠᠩ᠋ᠭᠠᠭᠰᠠᠨ ᠪᠥᠬᠡᠴᠦᠳ ᠲᠥ ᠴᠣᠯᠠ ᠣᠯᠭᠤᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠦᠳᠦᠷ ᠵᠠᠷᠯᠢᠭ ᠭᠠᠷᠭᠠᠵᠤ᠂ ᠲᠤᠯᠭᠤᠷ ᠲᠥᠷᠦ ᠢᠢᠨ 2234 ᠵᠢᠯ᠂ ᠶᠡᠬᠡ ᠮᠣᠩ᠋ᠭᠤᠯ ᠤᠯᠤᠰ ᠪᠠᠢᠢᠭᠤᠯᠤᠭᠳᠠᠭᠰᠠᠨ ᠤ 819 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 114 ᠵᠢᠯ᠂ ᠠᠷᠠᠳ ᠤᠨ ᠬᠤᠪᠢᠰᠬᠠᠯ ᠤᠨ 104 ᠵᠢᠯ᠂ ᠠᠷᠠᠳᠴᠢᠯᠠᠭᠰᠠᠨ ᠬᠤᠪᠢᠰᠬᠠᠯ ᠤᠨ 35 ᠵᠢᠯ ᠦᠨ ᠣᠢ᠂ ᠤᠯᠤᠰ ᠤᠨ ᠪᠠᠶᠠᠷ ᠨᠠᠭᠠᠳᠤᠮ ᠤᠨ ᠦᠨᠳᠦᠰᠦᠨ ᠦ ᠪᠥᠬᠡ ᠢᠢᠨ ᠪᠠᠷᠢᠯᠳᠤᠭᠠᠨ ᠳᠤ ᠲᠠᠪᠤ ᠳᠠᠪᠠᠵᠤ «ᠤᠯᠤᠰ ᠤᠨ ᠨᠠᠴᠢᠨ» ᠴᠣᠯᠠ᠂ ᠵᠢᠷᠭᠤᠭ᠎ᠠ ᠳᠠᠪᠠᠵᠤ «ᠤᠯᠤᠰ ᠤᠨ ᠬᠠᠷᠴᠠᠭ᠎ᠠ» ᠴᠣᠯᠠ ᠢᠢᠨ ᠪᠣᠯᠵᠤᠯ ᠬᠠᠩ᠋ᠭᠠᠭᠰᠠᠨ ᠪᠥᠬᠡᠴᠦᠳ ᠲᠥ ᠴᠣᠯᠠ ᠣᠯᠭᠤᠯ᠎ᠠ᠃

ᠵᠠᠷᠯᠢᠭ ᠢ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠠ᠊·ᠦᠢᠯᠡᠰᠲᠡᠭᠦᠯᠳᠡᠷ ᠤᠩᠰᠢᠵᠤ ᠰᠣᠨᠤᠷᠳᠠᠭᠤᠯᠤᠭᠰᠠᠨ ᠤ ᠳᠠᠷᠠᠭ᠎ᠠ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠤᠯ ᠤᠯᠤᠰ ᠤᠨ ᠨᠠᠴᠢᠨ᠂ ᠬᠠᠷᠴᠠᠭ᠎ᠠ ᠴᠣᠯᠠ ᠢᠢᠨ ᠪᠠᠲᠤᠯᠠᠮᠵᠢ ᠢᠢ ᠭᠠᠷᠳᠠᠭᠤᠯᠵᠤ᠂ ᠡᠩ᠋ᠭᠡᠷ ᠦᠨ ᠲᠡᠮᠳᠡᠭ ᠢ ᠨᠢ ᠵᠡᠭᠦᠵᠦ ᠥᠭ᠍ᠪᠡ᠃

• ᠬᠡᠨᠲᠡᠶ ᠠᠢᠢᠮᠠᠭ ᠤᠨ ᠵᠢᠷᠭᠠᠯᠲᠤᠬᠠᠭᠠᠨ ᠰᠤᠮᠤ ᠢᠢᠨ ᠬᠠᠷᠢᠶᠠᠲᠤ᠂ «ᠬᠢᠯᠢᠴᠢᠨ» ᠰᠫᠣᠷᠲ ᠬᠣᠷᠢᠶ᠎ᠠ᠂ «ᠬᠠᠨ ᠬᠡᠨᠲᠡᠶ ᠢᠢᠨ ᠠᠪᠤᠷᠭᠤ» ᠳᠡᠪᠵᠢᠶᠡᠨ ᠦ ᠪᠥᠬᠡ ᠰᠢᠷᠠᠪᠳᠣᠷᠵᠢ ᠢᠢᠨ ᠣᠳᠬᠠᠨᠲᠡᠭᠦᠰ᠂

• ᠳᠣᠷᠣᠨᠠᠭᠣᠪᠢ ᠠᠢᠢᠮᠠᠭ ᠤᠨ ᠠᠢᠢᠷᠠᠭ ᠰᠤᠮᠤ ᠢᠢᠨ ᠬᠠᠷᠢᠶᠠᠲᠤ᠂ «ᠠᠯᠳᠠᠷ» ᠰᠫᠣᠷᠲ ᠬᠣᠷᠢᠶ᠎ᠠ᠂ «ᠬᠤᠲᠤᠭᠲᠤ ᠢᠢᠨ ᠬᠦᠴᠦᠲᠡᠨ» ᠳᠡᠪᠵᠢᠶᠡᠨ ᠦ ᠪᠥᠬᠡ ᠮᠥᠩᠬᠡᠵᠢᠷᠭᠠᠯ ᠤᠨ ᠪᠢᠮᠪᠠᠳᠣᠷᠵᠢ᠃

• ᠳᠣᠷᠤᠨᠠᠳᠤ ᠠᠢᠢᠮᠠᠭ ᠤᠨ ᠪᠠᠶᠠᠨ-ᠠᠭᠤᠯᠠ ᠰᠤᠮᠤ ᠢᠢᠨ ᠬᠠᠷᠢᠶᠠᠲᠤ᠂ «ᠬᠢᠯᠢᠴᠢᠨ» ᠰᠫᠣᠷᠲ ᠬᠣᠷᠢᠶ᠎ᠠ᠂ «ᠳᠣᠷᠤᠨ᠎ᠠ ᠢᠢᠨ ᠬᠦᠴᠦᠲᠡᠨ» ᠳᠡᠪᠵᠢᠶᠡᠨ ᠦ ᠪᠥᠬᠡ ᠮᠥᠩᠬᠡᠵᠢᠷᠭᠠᠯ ᠤᠨ ᠪᠡᠯᠭᠦᠲᠡᠶ᠂

• ᠥᠪᠦᠷᠬᠠᠩ᠋ᠭᠠᠶ ᠠᠢᠢᠮᠠᠭ ᠤᠨ ᠬᠠᠷᠠᠬᠣᠷᠢᠨ ᠰᠤᠮᠤ ᠢᠢᠨ ᠬᠠᠷᠢᠶᠠᠲᠤ᠂ «ᠠᠯᠳᠠᠷ» ᠰᠫᠣᠷᠲ ᠬᠣᠷᠢᠶ᠎ᠠ᠂ «ᠶᠡᠬᠡ ᠮᠣᠩ᠋ᠭᠤᠯ ᠤᠨ ᠬᠦᠴᠦᠲᠡᠨ» ᠳᠡᠪᠵᠢᠶᠡᠨ ᠦ ᠪᠥᠬᠡ ᠣᠶᠤᠨᠭᠡᠷᠡᠯ ᠦᠨ ᠨᠠᠷᠠᠨᠪᠠᠭᠠᠲᠤᠷ᠃