ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠵᠤ᠂ ᠲᠤᠯᠭᠤᠷ ᠲᠥᠷᠦ ᠢᠢᠨ 2234 ᠵᠢᠯ᠂ ᠶᠡᠬᠡ ᠮᠣᠩ᠋ᠭᠤᠯ ᠤᠯᠤᠰ ᠪᠠᠢᠢᠭᠤᠯᠤᠭᠳᠠᠭᠰᠠᠨ ᠤ 819 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 114 ᠵᠢᠯ᠂ ᠠᠷᠠᠳ ᠤᠨ ᠬᠤᠪᠢᠰᠬᠠᠯ ᠤᠨ 104 ᠵᠢᠯ᠂ ᠠᠷᠠᠳᠴᠢᠯᠠᠭᠰᠠᠨ ᠬᠤᠪᠢᠰᠬᠠᠯ ᠤᠨ 35 ᠵᠢᠯ ᠦᠨ ᠣᠢ᠂ ᠤᠯᠤᠰ ᠤᠨ ᠪᠠᠶᠠᠷ ᠨᠠᠭᠠᠳᠤᠮ ᠤᠨ ᠦᠨᠳᠦᠰᠦᠨ ᠦ ᠪᠥᠬᠡ ᠢᠢᠨ ᠪᠠᠷᠢᠯᠳᠤᠭᠠᠨ ᠳᠤ ᠶᠢᠰᠦ ᠳᠠᠪᠠᠵᠤ ᠲᠦᠷᠦᠭᠦᠯᠡᠭᠰᠡᠨ ᠪᠠᠶᠠᠨᠬᠣᠩ᠋ᠭᠤᠷ ᠠᠢᠢᠮᠠᠭ ᠤᠨ ᠵᠢᠩᠰᠡᠲᠦ ᠰᠤᠮᠤ ᠢᠢᠨ ᠬᠠᠷᠢᠶᠠᠲᠤ᠂ «ᠠᠯᠳᠠᠷ» ᠰᠫᠣᠷᠲ ᠬᠣᠷᠢᠶ᠎ᠠ᠂ «ᠲᠡᠷᠢᠭᠦᠨ ᠪᠣᠭᠳᠠ» ᠳᠡᠪᠵᠢᠶᠡᠨ ᠦ ᠪᠥᠬᠡ᠂ ᠤᠯᠤᠰ ᠤᠨ ᠨᠠᠴᠢᠨ ᠡᠩᠬᠡᠲᠦ᠋ᠪᠰᠢᠨ ᠦ ᠪᠠᠲᠤᠮᠠᠩᠨᠠᠶ ᠳᠤ «ᠤᠯᠤᠰ ᠤᠨ ᠠᠷᠰᠯᠠᠨ» ᠴᠣᠯᠠ ᠣᠯᠭᠤᠯ᠎ᠠ᠃
ᠮᠥᠨ ᠨᠠᠢᠮᠠ ᠳᠠᠪᠠᠵᠤ ᠦᠵᠦᠭᠦᠷᠯᠡᠭᠰᠡᠨ ᠰᠦᠬᠡᠪᠠᠭᠠᠲᠤᠷ ᠠᠢᠢᠮᠠᠭ ᠤᠨ ᠣᠩ᠋ᠭᠤᠨ ᠰᠤᠮᠤ ᠢᠢᠨ ᠬᠠᠷᠢᠶᠠᠲᠤ᠂ «ᠬᠢᠯᠢᠴᠢᠨ» ᠰᠫᠣᠷᠲ ᠬᠣᠷᠢᠶ᠎ᠠ᠂ «ᠵᠢᠪᠬᠤᠯᠠᠩᠲᠤ» ᠳᠡᠪᠵᠢᠶᠡᠨ ᠦ ᠪᠥᠬᠡ᠂ ᠠᠢᠢᠮᠠᠭ ᠤᠨ ᠠᠷᠰᠯᠠᠨ ᠨᠢᠮᠠᠳᠣᠷᠵᠢ ᠢᠢᠨ ᠥᠰᠬᠦᠪᠠᠶᠠᠷ ᠲᠤ «ᠤᠯᠤᠰ ᠤᠨ ᠭᠠᠷᠤᠳᠢ» ᠴᠣᠯᠠ ᠣᠯᠭᠤᠯ᠎ᠠ᠃
ᠶᠡᠷᠦᠩᠬᠡᠢᠢᠯᠡᠭᠴᠢ ᠢᠢᠨ ᠵᠠᠷᠯᠢᠭ ᠢ ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠠ᠊·ᠦᠢᠯᠡᠰᠲᠡᠭᠦᠯᠳᠡᠷ ᠤᠩᠰᠢᠵᠤ ᠰᠣᠨᠤᠷᠳᠠᠭᠤᠯᠤᠨ᠂ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠤᠯᠤᠰ ᠤᠨ ᠴᠣᠯᠠ ᠢᠢᠨ ᠪᠠᠲᠤᠯᠠᠮᠵᠢ᠂ ᠱᠠᠩᠨᠠᠯ ᠭᠠᠷᠳᠠᠭᠤᠯᠵᠤ᠂ ᠡᠩ᠋ᠭᠡᠷ ᠦᠨ ᠲᠡᠮᠳᠡᠭ ᠢ ᠨᠢ ᠵᠡᠭᠦᠵᠥ ᠥᠭ᠍ᠭᠦᠯ᠎ᠡ᠃

