Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠤ·ᠬᠦᠷᠡᠯᠰᠦ᠋ᠬᠡ ᠳᠥ ᠣ᠊᠂ ᠬᠣ᠊᠂ ᠤᠯᠤᠰ ᠤᠨ ᠶᠡᠷᠦᠩᠬᠡᠢᠢᠯᠡᠭᠴᠢ ᠸᠯᠠ᠊·ᠸᠯᠠ᠊·ᠫᠦᠲ᠋ᠢᠨ ᠪᠠᠶᠠᠷ ᠨᠠᠭᠠᠳᠤᠮ ᠤᠨ ᠮᠡᠨᠳᠦᠴᠢᠯᠡᠭᠡ ᠢᠷᠡᠭᠦᠯᠵᠡᠶ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠣ᠊᠂ ᠬᠣ᠊᠂ ᠤᠯᠤᠰ ᠤᠨ ᠶᠡᠷᠦᠩᠬᠡᠢᠢᠯᠡᠭᠴᠢ ᠸᠯᠠ᠊·ᠸᠯᠠ᠊·ᠫᠤᠲ᠋ᠢᠨ ᠮᠡᠨᠳᠦᠴᠢᠯᠡᠭᠡ ᠢᠷᠡᠭᠦᠯᠵᠡᠶ᠃

«ᠡᠷᠬᠢᠮ ᠬᠦᠨᠳᠦᠲᠦ ᠨᠣᠶᠠᠨ ᠶᠡᠷᠦᠩᠬᠡᠢᠢᠯᠡᠭᠴᠢ ᠡ᠂

ᠦᠨᠳᠦᠰᠦᠨ ᠦ ᠶᠡᠬᠡ ᠪᠠᠶᠠᠷ ᠨᠠᠭᠠᠳᠤᠮ – ᠠᠷᠠᠳ ᠤᠨ ᠬᠤᠪᠢᠰᠬᠠᠯ ᠤᠨ 104 ᠵᠢᠯ ᠦᠨ ᠣᠢ ᠢᠢ ᠲᠣᠬᠢᠶᠠᠯᠳᠤᠭᠤᠯᠤᠨ ᠴᠢᠩ ᠰᠡᠳᠬᠢᠯ ᠦᠨ ᠮᠡᠨᠳᠦᠴᠢᠯᠡᠭᠡ ᠳᠡᠪᠰᠢᠭᠦᠯᠵᠦ ᠪᠠᠢᠢᠭ᠎ᠠ ᠢᠢ ᠮᠢᠨᠢ ᠬᠦᠯᠢᠶᠡᠨ ᠠᠪᠤᠨ᠎ᠠ ᠤᠤ᠃

ᠣᠷᠤᠰ᠂ ᠮᠣᠩ᠋ᠭᠤᠯ ᠤᠨ ᠬᠠᠷᠢᠯᠴᠠᠭ᠎ᠠ ᠨᠠᠢᠢᠷᠰᠠᠭ ᠰᠢᠨᠵᠢ ᠴᠢᠨᠠᠷ ᠲᠠᠢ ᠭᠡᠳᠡᠭ ᠢ ᠠᠤᠭ᠎ᠠ ᠶᠡᠬᠡ ᠡᠬᠡ ᠣᠷᠤᠨ ᠤ ᠳᠠᠢᠢᠨ ᠤ ᠶᠠᠯᠠᠯᠲᠠ ᠢᠢᠨ 80 ᠵᠢᠯ ᠦᠨ ᠣᠢ ᠢᠢ ᠲᠡᠮᠳᠡᠭᠯᠡᠬᠦ ᠦᠶ᠎ᠡ ᠪᠡᠷ ᠮᠣᠰᠻᠸᠠ ᠬᠣᠲᠠᠨ᠎ᠠ ᠲᠠ ᠪᠢᠳᠡᠨ ᠦ ᠬᠢᠭ᠍ᠰᠡᠨ ᠠᠭᠤᠯᠵᠠᠯᠲᠠ ᠪᠦᠷᠢᠨ ᠨᠤᠲᠠᠯᠠᠵᠤ ᠪᠠᠢᠢᠨ᠎ᠠ᠃

ᠲᠠ ᠪᠢᠳᠡ ᠬᠠᠮᠲᠤ ᠳᠤ ᠪᠠᠨ ᠬᠣᠶᠠᠷ ᠣᠷᠤᠨ ᠤ ᠠᠷᠠᠳ ᠲᠦᠮᠡᠨ ᠦ ᠰᠠᠢᠢᠨ ᠰᠠᠢᠢᠬᠠᠨ ᠪᠣᠯᠤᠨ ᠪᠦᠰᠡ ᠨᠤᠲᠤᠭ ᠤᠨ ᠲᠣᠭᠲᠠᠪᠤᠷᠢᠲᠠᠢ ᠪᠠᠢᠢᠳᠠᠯ᠂ ᠠᠶᠤᠯ ᠦᠭᠡᠢ ᠪᠠᠢᠢᠳᠠᠯ ᠢ ᠬᠠᠩ᠋ᠭᠠᠬᠤ᠂ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠪᠡᠬᠢᠵᠢᠭᠦᠯᠬᠦ ᠢᠢᠨ ᠲᠥᠯᠦᠭᠡ ᠴᠢᠨᠠᠭᠰᠢᠳᠠ ᠴᠦ ᠦᠷᠭᠦᠯᠵᠢᠯᠡᠭᠦᠯᠦᠨ ᠬᠠᠮᠲᠤᠷᠠᠨ ᠠᠵᠢᠯᠯᠠᠬᠤ ᠨᠢ ᠳᠠᠮᠵᠢᠭ ᠦᠭᠡᠢ᠃

ᠲᠠᠨ ᠳᠤ ᠡᠷᠡᠭᠦᠯ ᠡᠩᠬᠡ᠂ ᠠᠵᠢᠯ ᠤᠨ ᠠᠮᠵᠢᠯᠲᠠ᠂ ᠮᠣᠩ᠋ᠭᠤᠯ ᠤᠨ ᠠᠷᠠᠳ ᠲᠦᠮᠡᠨ ᠳᠥ ᠠᠵᠠ ᠵᠢᠷᠭᠠᠯ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ» ᠭᠡᠵᠡᠶ᠃