Та "Internet explorer"-ийн сүүлийн хувилбар болох "Microsoft edge"-г ашиглана уу

Хэрэв "Microsoft edge"-г татах бол энд дарж татаж авна уу

ᠶᠡᠷᠦᠩᠬᠡᠢᠢᠯᠡᠭᠴᠢ ᠤ·ᠬᠦᠷᠡᠯᠰᠦ᠋ᠬᠡ ᠳᠥ ᠠ᠊᠂ ᠨᠢ᠊᠂ ᠤᠯᠤᠰ ᠤᠨ ᠶᠡᠷᠦᠩᠬᠡᠢᠢᠯᠡᠭᠴᠢ ᠳ᠋ᠣ᠊·ᠲᠷᠠᠮᠫ ᠪᠠᠶᠠᠷ ᠨᠠᠭᠠᠳᠤᠮ ᠤᠨ ᠮᠡᠨᠳᠦᠴᠢᠯᠡᠭᠡ ᠢᠷᠡᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠠ᠊᠂ ᠨᠢ᠊᠂ ᠤᠯᠤᠰ ᠤᠨ ᠶᠡᠷᠦᠩᠬᠡᠢᠢᠯᠡᠭᠴᠢ ᠳ᠋ᠣ᠊·ᠲᠷᠠᠮᠫ ᠮᠡᠨᠳᠦᠴᠢᠯᠡᠭᠡ ᠢᠷᠡᠭᠦᠯᠦᠯ᠎ᠡ᠃

«ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠤᠯ ᠤᠨ ᠠᠷᠠᠳ ᠲᠦᠮᠡᠨ ᠳᠥ ᠠ᠊᠂ ᠨᠢ᠊᠂ ᠤᠯᠤᠰ ᠤᠨ ᠨᠡᠷ᠎ᠡ ᠢᠢᠨ ᠡᠮᠦᠨ᠎ᠡ ᠡᠴᠡ ᠪᠠᠶᠠᠷ ᠬᠦᠷᠭᠡᠶ ᠡ᠃

ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ 38 ᠵᠢᠯ ᠦᠨ ᠬᠤᠭᠤᠴᠠᠭᠠᠨ ᠳᠤ ᠮᠠᠨ ᠤ ᠬᠣᠶᠠᠷ ᠤᠯᠤᠰ ᠨᠢᠭᠡᠳᠦᠮᠡᠯ ᠠᠰᠢᠭ ᠰᠣᠨᠢᠷᠬᠠᠯ ᠳᠤ ᠪᠠᠨ ᠨᠡᠢᠢᠴᠡᠭᠰᠡᠨ ᠦᠷ᠎ᠡ ᠥᠭ᠍ᠭᠦᠭᠡᠵᠢᠲᠡᠢ ᠲᠦᠩᠰᠢᠯᠡᠯ ᠪᠦᠲᠦᠭᠡᠭ᠍ᠰᠡᠨ᠃

ᠪᠢᠳᠡ ᠡᠳ᠋ ᠦᠨ ᠵᠠᠰᠠᠭ᠂ ᠠᠶᠤᠯ ᠦᠭᠡᠢ ᠪᠠᠢᠢᠳᠠᠯ᠂ ᠢᠷᠭᠡᠳ ᠬᠣᠭᠤᠷᠤᠨᠳᠤ ᠢᠢᠨ ᠬᠡᠯᠬᠢᠶ᠎ᠡ ᠬᠣᠯᠪᠤᠭ᠎ᠠ ᠢᠢ ᠪᠡᠬᠢᠵᠢᠭᠦᠯᠬᠦ ᠴᠢᠭᠯᠡᠯ ᠢᠶᠡᠷ ᠬᠠᠮᠲᠤᠷᠠᠨ ᠠᠵᠢᠯᠯᠠᠭᠰᠠᠭᠠᠷ ᠢᠷᠡᠯ᠎ᠡ᠃

ᠢᠯᠠᠩ᠋ᠭᠤᠶ᠎ᠠ «United Airlines» ᠻᠣᠮᠫᠠᠨᠢ ᠤᠯᠠᠭᠠᠨᠪᠠᠭᠠᠲᠤᠷ ᠬᠣᠲᠠ ᠤᠷᠤᠭᠤ ᠨᠢᠰᠦᠯᠭᠡ ᠦᠢᠯᠡᠳᠴᠦ᠂ ᠠᠮᠧᠷᠢᠻᠠ ᠢᠢᠨ ᠠᠩᠬᠠᠨ ᠤ ᠠᠭᠠᠷ ᠤᠨ ᠲᠡᠭᠡᠭᠡᠪᠦᠷᠢᠯᠡᠭᠴᠢ ᠪᠣᠯᠤᠭᠰᠠᠨ ᠳᠤ ᠪᠠᠬᠠᠷᠬᠠᠵᠤ ᠪᠠᠢᠢᠨ᠎ᠠ᠃ ᠡᠨᠡ ᠨᠢ ᠬᠣᠶᠠᠷ ᠤᠯᠤᠰ ᠤᠨ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ᠂ ᠠᠶᠠᠯᠠᠯ ᠵᠢᠭᠤᠯᠴᠢᠯᠠᠯ ᠢ ᠬᠥᠭ᠍ᠵᠢᠭᠦᠯᠬᠦ ᠳᠥ ᠲᠣᠮᠣᠬᠠᠨ ᠠᠬᠢᠴᠠ ᠳᠡᠪᠰᠢᠯ ᠭᠠᠷᠤᠭᠰᠠᠨ ᠢ ᠬᠠᠷᠠᠭᠤᠯᠵᠤ ᠪᠠᠢᠢᠨ᠎ᠠ᠃

ᠪᠢᠳᠡᠨ ᠦ ᠰᠲ᠋ᠷᠠᠲ᠋ᠧᠭᠢ ᠢᠢᠨ ᠭᠤᠷᠪᠠᠳᠠᠭᠴᠢ ᠬᠥᠷᠰᠢ ᠢᠢᠨ ᠲᠦᠩᠰᠢᠯᠡᠯ ᠨᠢ ᠠᠷᠠᠳ ᠲᠦᠮᠡᠨ ᠦ ᠪᠡᠨ ᠠᠶᠤᠯ ᠦᠭᠡᠢ ᠪᠠᠢᠢᠳᠠᠯ᠂ ᠬᠥᠭ᠍ᠵᠢᠯ ᠴᠡᠴᠡᠭᠯᠡᠯᠲᠡ ᠢᠢ ᠠᠬᠢᠭᠤᠯᠬᠤ ᠢᠢᠨ ᠲᠥᠯᠦᠭᠡᠬᠢ ᠬᠠᠮᠲᠤ ᠢᠢᠨ ᠡᠭᠦᠷᠭᠡ᠂ ᠠᠮᠠᠯᠠᠯᠲᠠ᠂ ᠲᠤᠭᠤᠰᠢᠲᠠᠢ ᠪᠠᠢᠢᠳᠠᠯ ᠢ ᠪᠡᠯᠭᠡᠳᠡᠳᠡᠭ᠃

ᠮᠢᠨᠦ ᠪᠡᠶ᠎ᠡ ᠢᠷᠡᠬᠦ ᠣᠨ ᠳᠤ ᠡᠨᠡ ᠲᠦᠩᠰᠢᠯᠡᠯ ᠢᠶᠡᠨ ᠦᠷᠭᠦᠯᠵᠢᠯᠡᠭᠦᠯᠵᠦ᠂ ᠪᠠᠢᠢᠭᠠᠯᠢ ᠢᠢᠨ ᠪᠠᠶᠠᠯᠢᠭ᠂ ᠡᠷᠴᠢᠮ ᠬᠦᠴᠦ᠂ ᠬᠤᠳᠠᠯᠳᠤᠭ᠎ᠠ ᠵᠡᠷᠭᠡ ᠬᠠᠷᠢᠯᠴᠠᠨ ᠰᠣᠨᠢᠷᠬᠠᠭᠰᠠᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠪᠠᠨ ᠭᠦᠨᠵᠡᠭᠡᠢᠢᠷᠡᠭᠦᠯᠬᠦ ᠢᠢᠨ ᠲᠥᠯᠦᠭᠡ ᠪᠠᠢᠢᠨ᠎ᠠ» ᠭᠡᠵᠡᠶ᠃