ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦ᠊᠂ ᠨᠠᠢᠢ᠊᠂ ᠰᠣ᠊᠂ ᠤᠯᠤᠰ ᠤᠨ ᠶᠡᠷᠦᠩᠬᠡᠢᠢᠯᠡᠭᠴᠢ ᠢ ᠵᠧ ᠮᠶᠦ᠋ᠩ ᠮᠡᠨᠳᠦᠴᠢᠯᠡᠭᠡ ᠳᠡᠪᠰᠢᠭᠦᠯᠦᠯ᠎ᠡ᠃
ᠮᠡᠨᠳᠦᠴᠢᠯᠡᠭᠡᠨ ᠳᠥ:
«ᠡᠷᠬᠢᠮᠰᠦᠭ ᠨᠣᠶᠠᠨ ᠶᠡᠷᠦᠩᠬᠡᠢᠢᠯᠡᠭᠴᠢ ᠡ᠂
ᠮᠣᠩ᠋ᠭᠤᠯ ᠤᠯᠤᠰ ᠤᠨ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠪᠣᠯᠤᠨ ᠮᠣᠩ᠋ᠭᠤᠯ ᠤᠨ ᠠᠷᠠᠳ ᠲᠦᠮᠡᠨ ᠳᠥ ᠴᠢᠩ ᠰᠡᠳᠬᠢᠯ ᠦᠨ ᠪᠠᠶᠠᠷ ᠤᠨ ᠮᠡᠨᠳᠦᠴᠢᠯᠡᠭᠡ ᠳᠡᠪᠰᠢᠭᠦᠯᠦᠶ ᠡ᠃
ᠮᠣᠩ᠋ᠭᠤᠯ᠂ ᠰᠣᠯᠤᠩ᠋ᠭᠤᠰ ᠤᠯᠤᠰ ᠤᠨ ᠥᠩ᠋ᠭᠡᠷᠡᠭᠰᠡᠨ ᠬᠤᠭᠤᠴᠠᠭᠠᠨ ᠳᠤ ᠪᠦᠲᠦᠭᠡᠭ᠍ᠰᠡᠨ ᠬᠠᠷᠢᠯᠴᠠᠨ ᠢᠲᠡᠭᠡᠯᠴᠡᠯ᠂ ᠨᠠᠢᠢᠷᠰᠠᠭ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠤᠯᠠᠮ ᠭᠦᠨᠵᠡᠭᠡᠢᠢᠷᠡᠨ ᠬᠥᠭ᠍ᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃ ᠪᠢᠳᠡᠨ ᠦ ᠢᠳᠡᠪᠬᠢᠲᠡᠢ ᠬᠠᠷᠢᠯᠴᠠᠭᠠᠨ ᠳᠤ ᠰᠠᠭᠤᠷᠢᠯᠠᠵᠤ᠂ ᠢᠷᠭᠡᠳ ᠬᠣᠭᠤᠷᠤᠨᠳᠤ ᠢᠢᠨ ᠨᠥᠬᠦᠷᠯᠡᠯ ᠴᠦ ᠤᠯᠠᠮ ᠪᠡᠬᠢᠵᠢᠬᠦ ᠢᠢᠨ ᠢᠷᠦᠭᠡᠯ ᠳᠡᠪᠰᠢᠭᠦᠯᠦᠶ ᠡ᠃
ᠮᠣᠩ᠋ᠭᠤᠯ ᠤᠯᠤᠰ ᠲᠤ ᠡᠩᠬᠡ ᠲᠠᠢᠢᠪᠤᠩ᠂ ᠬᠥᠭ᠍ᠵᠢᠯ ᠴᠡᠴᠡᠭᠯᠡᠯᠲᠡ᠂ ᠡᠷᠬᠢᠮᠰᠦᠭ ᠨᠣᠶᠠᠨ ᠶᠡᠷᠦᠩᠬᠡᠢᠢᠯᠡᠭᠴᠢ ᠲᠠᠨ ᠳᠤ ᠡᠷᠡᠭᠦᠯ ᠡᠩᠬᠡ᠂ ᠮᠣᠩ᠋ᠭᠤᠯ ᠤᠨ ᠠᠷᠠᠳ ᠲᠦᠮᠡᠨ ᠳᠥ ᠠᠵᠠ ᠵᠢᠷᠭᠠᠯ ᠬᠦᠰᠡᠨ ᠢᠷᠦᠭᠡᠶ ᠡ» ᠭᠡᠵᠡᠶ᠃