ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠪᠦᠭᠦᠳᠡ ᠨᠠᠢᠢᠷᠠᠮᠳᠠᠬᠤ ᠴᠧᠬᠣ᠋ ᠤᠯᠤᠰ ᠤᠨ ᠶᠡᠷᠦᠩᠬᠡᠢᠢᠯᠡᠭᠴᠢ ᠫᠧᠲ᠋ᠷ ᠫᠠᠸᠧᠯ ᠮᠡᠨᠳᠦᠴᠢᠯᠡᠭᠡ ᠳᠡᠪᠰᠢᠭᠦᠯᠦᠯ᠎ᠡ᠃
ᠮᠡᠨᠳᠦᠴᠢᠯᠡᠭᠡᠨ ᠳᠥ:
«ᠮᠣᠩ᠋ᠭᠤᠯ ᠤᠯᠤᠰ ᠤᠨ ᠦᠨᠳᠦᠰᠦᠨ ᠦ ᠪᠠᠶᠠᠷ ᠢ ᠲᠣᠬᠢᠶᠠᠯᠳᠤᠭᠤᠯᠤᠨ ᠲᠠᠨ ᠳᠤ ᠪᠣᠯᠤᠨ ᠲᠠᠨ ᠤ ᠰᠠᠢᠢᠬᠠᠨ ᠣᠷᠤᠨ ᠤ ᠢᠷᠭᠡᠳ ᠲᠥ ᠴᠢᠩ ᠰᠡᠳᠬᠢᠯ ᠦᠨ ᠬᠠᠯᠠᠭᠤᠨ ᠪᠠᠶᠠᠷ ᠬᠦᠷᠭᠡᠶ ᠡ᠃
ᠮᠠᠨ ᠤ ᠣᠷᠤᠨ ᠳᠤ ᠡᠨᠡ ᠣᠨ ᠤ ᠬᠠᠪᠤᠷ ᠬᠢᠭ᠍ᠰᠡᠨ ᠲᠠᠨ ᠤ ᠠᠢᠢᠯᠴᠢᠯᠠᠯ᠂ ᠪᠢᠳᠡᠨ ᠦ ᠠᠭᠤᠯᠵᠠᠯᠲᠠ ᠢᠢ ᠨᠠᠨᠳᠢᠩᠨᠠᠨ ᠳᠤᠷᠠᠰᠴᠤ ᠪᠠᠢᠢᠨ᠎ᠠ᠃ ᠪᠢᠳᠡᠨ ᠦ ᠶᠠᠷᠢᠶ᠎ᠠ ᠬᠡᠯᠡᠯᠴᠡᠭᠡ ᠬᠠᠷᠢᠯᠴᠠᠭ᠎ᠠ ᠥᠨᠳᠦᠷ ᠲᠥᠪᠰᠢᠨ ᠳᠥ ᠬᠦᠷᠦᠭᠰᠡᠨ ᠢ ᠪᠠᠲᠤᠳᠬᠠᠵᠤ᠂ ᠬᠣᠶᠠᠷ ᠣᠷᠤᠨ ᠤ ᠠᠷᠠᠳ ᠲᠦᠮᠡᠨ ᠦ ᠡᠷᠬᠡ ᠠᠰᠢᠭ ᠤᠨ ᠲᠥᠯᠦᠭᠡ ᠪᠦᠬᠦᠢ ᠯᠠ ᠰᠠᠯᠪᠤᠷᠢ ᠳᠤ ᠬᠠᠮᠲᠤ ᠢᠢᠨ ᠠᠵᠢᠯᠯᠠᠭ᠎ᠠ ᠪᠠᠨ ᠤᠯᠠᠮ ᠭᠦᠨᠵᠡᠭᠡᠢᠢᠷᠡᠭᠦᠯᠬᠦ ᠡᠷᠡᠮᠡᠯᠵᠡᠯ ᠢ ᠨᠤᠲᠠᠯᠠᠭᠰᠠᠨ ᠪᠢᠯᠡ᠃
ᠲᠠᠨ ᠤ ᠥᠨᠳᠦᠷ ᠬᠠᠷᠢᠭᠤᠴᠠᠯᠭ᠎ᠠ ᠲᠠᠢ ᠠᠵᠢᠯ ᠳᠤ ᠠᠮᠵᠢᠯᠲᠠ᠂ ᠮᠣᠩ᠋ᠭᠤᠯ ᠤᠨ ᠠᠷᠠᠳ ᠲᠦᠮᠡᠨ ᠳᠥ ᠠᠵᠠ ᠵᠢᠷᠭᠠᠯ᠂ ᠰᠠᠢᠢᠨ ᠰᠠᠢᠢᠬᠠᠨ ᠪᠦᠬᠦᠨ ᠢ ᠬᠦᠰᠡᠨ ᠢᠷᠦᠭᠡᠶ ᠡ» ᠭᠡᠵᠡᠶ᠃