Та "Internet explorer"-ийн сүүлийн хувилбар болох "Microsoft edge"-г ашиглана уу

Хэрэв "Microsoft edge"-г татах бол энд дарж татаж авна уу

ᠭᠤᠷᠪᠠᠳ᠋ᠤᠭᠠᠷ ᠴᠠᠷᠯᠢᠽ ᠬᠠᠭᠠᠨ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠶᠡᠬᠡ ᠪᠷᠢᠲ᠋ᠠᠨᠢ᠂ ᠤᠮᠠᠷᠠᠲᠤ ᠢᠷᠧᠯᠠᠨ᠋ᠳ᠋ ᠤᠨ ᠨᠢᠭᠡᠳᠦᠭᠰᠡᠨ ᠬᠠᠭᠠᠨᠲᠤ ᠤᠯᠤᠰ ᠤᠨ ᠭᠤᠷᠪᠠᠳ᠋ᠤᠭᠠᠷ ᠴᠠᠷᠯᠢᠽ ᠬᠠᠭᠠᠨ ᠪᠠᠶᠠᠷ ᠤᠨ ᠮᠡᠨᠳᠦᠴᠢᠯᠡᠭᠡ ᠳᠡᠪᠰᠢᠭᠦᠯᠦᠯ᠎ᠡ᠃

«ᠲᠠᠨ ᠳᠤ ᠪᠣᠯᠤᠨ ᠲᠠᠨ ᠤ ᠠᠷᠠᠳ ᠲᠦᠮᠡᠨ ᠳᠥ ᠦᠨᠳᠦᠰᠦᠨ ᠦ ᠶᠡᠬᠡ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠵᠦ ᠪᠠᠢᠢᠭ᠎ᠠ ᠳᠤ ᠪᠠᠨ ᠪᠠᠶᠠᠷ ᠲᠠᠢ ᠪᠠᠢᠢᠨ᠎ᠠ᠃

ᠬᠣᠶᠠᠷ ᠤᠯᠤᠰ ᠤᠨ ᠪᠠᠲᠤ ᠪᠥᠬᠡ ᠬᠠᠷᠢᠯᠴᠠᠭᠠᠨ ᠳᠤ ᠮᠢᠨᠦ ᠪᠡᠶ᠎ᠡ ᠰᠡᠳᠬᠢᠯ ᠬᠠᠩ᠋ᠭᠠᠯᠤᠭᠤᠨ ᠪᠠᠢᠢᠳᠠᠭ ᠪᠥᠭᠡᠳ ᠨᠠᠢᠢᠷᠰᠠᠭ ᠬᠠᠷᠢᠯᠴᠠᠭ᠎ᠠ ᠪᠠᠨ ᠤᠯᠠᠮ ᠪᠡᠬᠢᠵᠢᠭᠦᠯᠬᠦ ᠢᠢᠨ ᠲᠥᠯᠦᠭᠡ ᠪᠠᠢᠢᠨ᠎ᠠ᠃ ᠳᠡᠯᠡᠬᠡᠶ ᠨᠡᠢᠢᠲᠡ ᠳᠥ ᠨᠢᠭᠤᠷᠯᠠᠵᠦ ᠪᠤᠢ ᠠᠭᠤᠷ ᠠᠮᠢᠰᠬᠤᠯ ᠤᠨ ᠥᠭᠡᠷᠡᠴᠢᠯᠡᠯᠲᠡ᠂ ᠪᠠᠢᠢᠭᠠᠯᠢ ᠣᠷᠴᠢᠨ ᠤ ᠴᠢᠭᠯᠡᠯ ᠢᠶᠡᠷ ᠮᠠᠨ ᠤ ᠬᠣᠶᠠᠷ ᠤᠯᠤᠰ ᠬᠠᠮᠲᠤᠷᠠᠨ ᠠᠵᠢᠯᠯᠠᠵᠤ᠂ ᠪᠣᠳᠠᠲᠤ ᠦᠷ᠎ᠡ ᠳ᠋ᠦᠩ ᠳᠥ ᠬᠦᠷᠦᠨ᠎ᠡ ᠭᠡᠳᠡᠭ ᠲᠥ ᠲᠤᠢᠢᠯ ᠤᠨ ᠢᠲᠡᠭᠡᠯ ᠲᠡᠢ ᠪᠠᠢᠢᠨ᠎ᠠ᠃

ᠲᠠᠨ ᠳᠤ ᠪᠣᠯᠤᠨ ᠮᠣᠩ᠋ᠭᠤᠯ ᠤᠨ ᠨᠡᠢᠢᠲᠡ ᠠᠷᠠᠳ ᠲᠦᠮᠡᠨ ᠳᠥ ᠰᠠᠢᠢᠨ ᠰᠠᠢᠢᠬᠠᠨ ᠪᠦᠬᠦᠨ ᠢ ᠢᠷᠦᠭᠡᠶ ᠡ»᠃